ᠶᠠᠩ ᠶᠦᠩ ᠵᠢᠦ ᠪᠠᠶ ᠯᠠᠩ ᠪᠠᠯᠭᠠᠰᠤ ᠪᠠᠷ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/12
       6 ᠰᠠᠷ᠎ᠠ ᠶᠢᠨ 5 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ᠂ ᠪᠠᠶ ᠯᠠᠩ ᠪᠠᠯᠭᠠᠰᠣ ᠪᠠᠷ ᠬᠦᠷᠴᠦ ᠷᠠᠰᠢᠶᠠᠨ ᠤ ᠬᠤᠸᠠ ᠷᠦᠨ ᠬᠦᠰᠡᠯᠡᠩᠳᠣ ᠪᠠᠭ᠎ᠠ ᠪᠠᠯᠭᠠᠰᠤ᠂ ᠪᠠᠶ ᠯᠠᠩ ᠣᠢ ᠶᠢᠨ ᠢᠷᠭᠡᠳ ᠤᠨ ᠵᠠᠩ ᠣᠶᠢᠯᠡ ᠶᠢᠨ ᠪᠠᠯᠭᠠᠰᠤᠨ ᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠣᠬᠢᠷᠠᠭᠤᠯᠣᠯᠳᠡ ᠶᠢᠨ ᠬᠤᠷᠠᠯ ᠬᠢᠵᠦ᠂ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠶᠠᠩ ᠶᠦᠩ ᠵᠢᠦ᠂ ᠷᠠᠰᠢᠶᠠᠨ ᠤ ᠬᠤᠸᠠ ᠷᠦᠨ ᠬᠦᠰᠡᠯᠡᠩᠲᠦ ᠪᠠᠭ᠎ᠠ ᠪᠠᠯᠭᠠᠰᠤ ᠪᠣᠯᠤᠨ ᠪᠠᠶ ᠯᠠᠩ ᠣᠢ ᠶᠢᠨ ᠢᠷᠭᠡᠳ ᠤᠨ ᠵᠠᠩ ᠣᠶᠢᠯᠡ ᠶᠢᠨ ᠪᠠᠯᠭᠠᠰᠤᠨ ᠤ ᠲᠥᠷᠥᠯ ᠵᠦᠢᠯ ᠪᠣᠯ ᠮᠠᠨ ᠤ ᠬᠤᠲᠠ ᠶᠢᠨ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠮᠥᠨ᠂ ᠪᠠᠰᠠ ᠴᠤ ᠮᠠᠨ ᠤ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠥᠬᠦ ᠬᠤᠲᠠ ᠪᠠᠷ ᠢᠶᠠᠨ ᠠᠵᠤ ᠠᠬᠤᠶᠢᠯᠠᠯ ᠳᠤ ᠣᠶᠢᠯᠡᠴᠢᠯᠡᠬᠦ᠂ ᠪᠠᠲᠤᠯᠠᠭ᠎ᠠ ᠶᠢᠨ ᠲᠥᠷᠥᠯ ᠵᠦᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠣᠶᠢᠯᠡᠴᠢᠯᠡᠭᠡᠨ ᠤ ᠤᠬᠠᠮᠰᠠᠷ᠂ ᠰᠣᠳᠣᠨ ᠪᠦᠲᠦᠭᠡᠯ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠢ ᠪᠣᠯᠭᠠᠵᠣ᠂ ᠬᠤᠲᠠ ᠶᠢᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠤᠷᠢᠳ ᠢᠶᠠᠷ ᠵᠢᠯᠣᠭᠤᠳᠴᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ ᠬᠠᠪᠰᠣᠷᠴᠣ᠂ ᠠᠵᠤ ᠠᠬᠤᠶᠢᠯᠠᠯ ᠢ ᠬᠠᠮᠵᠢᠨ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠲᠦᠷᠭᠡᠨ ᠬᠦᠢᠴᠡᠳᠬᠡᠬᠦ ᠬᠡᠷᠡᠭᠲᠡᠶ᠃ ︽ᠴᠠᠭ ᠤᠨ ᠬᠦᠰᠦᠨᠦᠭᠲᠦ︾ ᠲᠣᠭᠲᠠᠭᠠᠵᠤ᠂ ︽ᠵᠠᠮ ᠱᠤᠭᠤᠮ ᠤᠨ ᠵᠢᠷᠤᠭ︾ ᠢ ᠰᠠᠶᠢᠲᠤᠷ ᠵᠢᠷᠤᠵᠤ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠂ ᠪᠠᠷᠢᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠴᠢᠩᠭᠠᠳᠬᠠᠨ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠵᠠᠭᠤᠴᠢᠯᠠᠭᠤᠷ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠤᠬᠠᠭᠤᠯᠤᠨ ᠮᠡᠳᠡᠭᠡᠯᠡᠵᠦ᠂ ᠲᠦᠷᠦᠯ ᠵᠦᠢᠯ ᠢ ᠵᠢᠭᠤᠯᠴᠢᠯᠠᠯ ᠤᠨ ᠲᠦᠷᠢ ᠲᠥᠷᠬᠦ ᠶᠢ ᠳᠡᠯᠭᠡᠨ ᠦᠵᠡᠭᠦᠯᠬᠦ ᠴᠢᠬᠤᠯᠠ ᠴᠤᠩᠬᠤᠪᠴᠢ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠠ ᠦᠵᠡᠭᠦᠯᠬᠦ ᠬᠡᠪ ᠳᠠᠭᠤᠷᠢᠶᠠᠯ ᠪᠣᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠣ ᠴᠢᠬᠤᠯᠠᠴᠢᠯᠠᠵᠡᠢ᠃ ᠬᠤᠲᠠ ᠶᠢᠨ ᠤᠳᠤᠷᠢᠳᠤᠯᠭ᠎ᠠ ᠸᠠᠩ ᠰᠢᠶᠤᠤ ᠬᠤᠸᠠᠨ᠂ ᠵᠠᠩ ᡁᠢ ᠵᠢᠶᠦ᠋ᠨ᠂ ᠰᠦᠨ ᠪᠠᠶ ᠴᠤᠸᠠᠨ᠂ ᠬᠠᠨ ᠴᠠᠩ ᠵᠢᠦ᠂ ᠳ᠋ᠦᠩ ᠪᠢᠨ᠂ ᠤᠣ ᠹᠧᠩ ᠪᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号