| | 5 ᠰᠠᠷ᠎ᠠ ᠶᠢᠨ 30 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠸᠠᠩ ᠰᠢᠶᠤᠤ ᠬᠤᠸᠠᠨ 2024 ᠣᠨ ᠤ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠵᠢᠷᠭᠤᠭᠠᠨ ᠢᠨᠵᠧᠨᠧᠷᠢᠩ︾᠂ 12345 | ᠬᠠᠯᠠᠮᠰᠢᠯ ᠤᠲᠠᠰᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ︽ᠷᠠᠰᠢᠶᠠᠨ ᠬᠤᠳᠠ ᠶᠢᠨ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠪᠠᠶᠢᠩᠭᠤ ᠶᠢᠨ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠦᠯ︾᠂ ᠡᠳ᠋ ᠬᠦᠷᠦᠩᠭᠡ ᠶᠢ | ᠰᠢᠯᠵᠢᠭᠦᠯᠦᠨ ᠲᠤᠰᠢᠶᠠᠬᠤ᠂ ᠶᠡᠭᠡ ᠲᠣᠭᠠᠨ ᠤ ᠵᠠᠷᠤᠯᠭ᠎ᠠ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ | ᠬᠢᠨᠠᠨ ᠵᠥᠪᠯᠡᠵᠡᠢ᠃ ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠳᠤ ᠴᠢᠭᠯᠡᠭᠦᠯᠣᠨ᠂ ᠠᠵᠢᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠯ᠎ᠡ ᠲᠦᠷᠦᠯ ᠤᠨ ᠢᠨᠵᠧᠨᠧᠷᠢᠩ ᠢ ᠦᠨᠡᠨ ᠬᠦ ᠴᠢᠩᠭ᠎ᠠ ᠠᠳᠬᠤᠵᠤ | ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠠᠳᠬᠤᠵᠤ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ | ᠠᠰᠢᠭᠲᠠᠢ ᠲᠦᠷᠦ ᠶᠢᠨ ᠪᠤᠳᠤᠯᠭ᠎ᠠ ᠪᠠᠷ ᠬᠥᠭᠵᠢᠯᠲᠡ ᠳᠤ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠤᠨ᠂ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ᠂ ᠬᠥᠭᠵᠢᠯᠲᠡ ᠶᠢᠨ | ᠦᠵᠡᠯᠲᠡ᠂ ᠲᠤᠭ᠎ᠠ ᠪᠠᠷᠢᠮᠲᠠ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠦᠷᠢᠳᠭᠡᠪᠡᠰᠣ ᠵᠣᠬᠢᠬᠤ ᠶᠢ ᠨᠢ | ᠪᠦᠬᠦᠨ ᠢ ᠪᠦᠷᠢᠳᠭᠡᠵᠣ᠂ ᠶᠠᠭᠠᠬᠢᠭᠰᠠᠨ ᠴᠤ ᠬᠤᠳᠠᠯ ᠬᠠᠭᠤᠷᠮᠠᠭ ᠵᠣᠬᠢᠶᠠᠬᠤ ᠥᠬᠡᠶ᠂ ᠰᠢᠨᠵᠢᠯᠡᠬᠦ ᠤᠬᠠᠭᠠᠨᠴᠢ ᠪᠠᠷ᠂ | ᠵᠦᠶ ᠵᠣᠬᠢᠰᠲᠠᠶ ᠪᠠᠷ ᠲᠠᠶᠢᠴᠢᠯᠡᠨ ᠵᠢᠯᠣᠭᠤᠳᠬᠤ ᠶᠢ ᠡᠷᠡᠰ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ | ᠬᠤᠷᠢᠭ᠎ᠠ ᠱᠤᠭᠤᠮ ᠢ ᠦᠨᠡᠨ ᠬᠦ ᠰᠠᠬᠢᠬᠤ ᠬᠡᠷᠡᠭᠲᠡᠶ᠃ ᠡᠳ᠋ ᠤᠨ ᠵᠠᠰᠠᠭ ᠤᠨ ᠶᠡᠭᠡ ᠲᠣᠭᠠᠨ ᠤ ᠵᠠᠷᠤᠯᠭ᠎ᠠ ᠪᠠ ᠡᠳ᠋ | ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠳ᠋ ᠤᠨ ᠵᠠᠰᠠᠭ ᠤᠨ | ᠲᠥᠰᠦᠪ ᠤᠨ ᠵᠠᠷᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠰᠦᠪ ᠤᠨ ᠵᠠᠷᠤᠯᠭ᠎ᠠ ᠶᠢ ᠵᠦᠢ ᠵᠣᠬᠢᠰᠲᠠᠶ | ᠲᠥᠯᠥᠪᠵᠢᠭᠦᠯᠵᠦ᠂ ᠲᠦᠷᠣᠯ ᠵᠦᠢᠯ ᠤᠨ ᠡᠳ᠋ ᠬᠦᠷᠦᠩᠭᠡ ᠶᠢ ᠬᠢᠨᠠᠨ ᠪᠤᠳᠤᠬᠤ᠂ ᠰᠢᠯᠵᠢᠭᠦᠯᠦᠨ ᠲᠤᠰᠢᠶᠠᠬᠤ ᠶᠢ | ᠴᠢᠩᠭᠠᠳᠬᠠᠵᠤ᠂ ᠡᠳ᠋ ᠬᠦᠷᠦᠩᠭᠡ ᠶᠢᠨ ᠠᠯᠳᠡᠬᠳᠡᠯ ᠠᠴᠠ ᠵᠠᠶᠢᠯᠠᠰᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ | ᠪᠠᠰᠠ ᠬᠤᠳᠠ ᠶᠢᠨ ᠲᠣᠭᠤᠷᠢᠭ ᠤᠨ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ᠂ ᠲᠦᠷᠦᠯ ᠵᠦᠢᠯ ᠤᠨ ᠪᠠᠷᠢᠯᠭ᠎ᠠ ᠳᠠᠭᠤᠰᠴᠤ ᠳ᠋ᠦᠩᠨᠡᠨ ᠪᠤᠳᠤᠬᠤ ᠵᠡᠷᠭᠡ ᠪᠤᠰᠤᠳ ᠪᠣᠳᠠᠲᠠᠢ ᠠᠵᠢᠯ ᠢ | ᠰᠤᠳᠤᠯᠵᠠᠢ᠃ | | |