| | ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠤᠯᠠᠮ ᠴᠢᠨᠠᠭᠰᠢᠳᠠ | ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠦᠬᠦ | ᠨᠡᠶᠢᠭᠡᠮ ᠤᠨ ᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ᠂ 6 | ᠰᠠᠷ᠎ᠠ ᠶᠢᠨ 1 ᠤ ᠡᠳᠦᠷ᠂ ᠤᠯᠠᠭᠠᠨᠬᠤᠲᠠ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠤᠨ ᠪᠤᠯᠭᠠᠨ | ᠪᠠᠴᠢᠮ ᠪᠠᠶᠢᠳᠠᠯ ᠢ ᠠᠷᠭᠠᠴᠠᠭᠠᠨ᠎ᠠ — ᠠᠮᠢ ᠨᠠᠰᠤᠨ ᠤ ᠵᠠᠮ ᠢ ᠰᠠᠭᠠᠳ ᠦᠭᠡᠢ ᠨᠡᠪᠳᠡᠷᠡᠬᠦᠯᠬᠦ︾ ᠪᠠᠷ ᠭᠤᠣᠯ | ᠰᠡᠳᠦᠪ ᠪᠣᠯᠭᠠᠵᠤ᠂ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ | ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ ᠬᠤᠳᠠ ᠶᠢᠨ ᠤᠳᠤᠷᠢᠳᠤᠯᠭ᠎ᠠ ᠮᠠ ᠱᠤ᠋ ᠭᠠᠩ᠂ ᠸᠠᠩ ᠮᠢᠩ ᠶᠠᠩ | ᠵᠢᠴᠢ ᠠᠵᠤ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠲᠥᠯᠥᠭᠡᠯᠡᠭᠴᠢ ᠨᠠᠷ ᠲᠤᠰ ᠤᠳᠠᠭᠠᠨ ᠤ | ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠶᠠᠷᠢᠶ᠎ᠠ ᠲᠠᠯᠪᠢᠭᠰᠠᠨ ᠪᠥᠭᠡᠳ ᠤᠯᠠᠭᠠᠨᠬᠤᠲᠠ ᠶᠢᠨ | 2024 ᠣᠨ ᠤ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ | ᠵᠠᠷᠯᠠᠵᠤ᠂ ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ | ᠠᠵᠤ ᠠᠬᠤᠶᠢᠯᠠᠯ ᠤᠨ ᠲᠥᠯᠥᠭᠡᠯᠡᠭᠴᠢ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ | ᠠᠵᠢᠯᠯᠠᠭ᠎ᠠ ᠶᠢᠨ ᠳᠤᠮᠳᠠ᠂ ᠮᠠ ᠱᠤ᠋ ᠭᠠᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠠᠵᠤ ᠠᠬᠤᠶᠢᠯᠠᠯ᠂ | ᠠᠵᠢᠯ ᠤᠶᠢᠯᠡᠰ ᠤᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠠᠮᠲᠤ ᠪᠠᠷ ᠮᠧᠩ ᠨᠢᠦ ᠰᠦᠨ ᠤᠶᠢᠯᠡᠰ ︵ | ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠠᠵᠤ ᠠᠬᠤᠶᠢᠯᠠᠯ ᠤᠨ ᠤᠶᠢᠯᠡᠳᠪᠤᠷᠢ ᠶᠢᠨ | ᠲᠣᠭᠤᠷᠢᠭ ᠢᠶᠠᠷ ᠲᠣᠭᠤᠷᠢᠨ ᠦᠵᠡᠪᠡ᠃ ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ | ᠬᠠᠷᠢᠭᠤᠴᠠᠯᠭᠠᠲᠤ ᠺᠣᠮᠫᠠᠨᠢ ᠬᠢᠵᠠᠭᠠᠷ ᠲᠠᠢ ᠣᠷᠣᠨ ᠵᠠᠶ ᠳᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠵᠡᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠬᠤᠲᠠ ᠶᠢᠨ ᠠᠶᠤᠯᠭᠦᠶ ᠤᠶᠢᠯᠡᠳᠪᠤᠷᠢᠯᠠᠯ ᠤᠨ | ᠵᠥᠪᠯᠡᠯ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠮᠧᠩ ᠨᠢᠦ ᠰᠦᠨ ᠤᠶᠢᠯᠡᠰ ︵ᠤᠯᠠᠭᠠᠨᠬᠤᠲᠠ︶ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ | ᠳᠠᠭᠠᠭᠠᠴᠢᠯᠠᠨ ᠡᠷᠭᠢᠯᠡᠪᠡ᠃ ᠠᠵᠢᠯᠯᠠᠭ᠎ᠠ ᠶᠢᠨ ᠠᠭᠤᠯᠭ᠎ᠠ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ | ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠭᠠᠨ᠎ᠠ︾ ᠭᠡᠬᠦ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠭᠤᠣᠯ | ᠰᠡᠳᠦᠪ ᠤᠨ ᠲᠣᠭᠤᠷᠢᠨ ᠳᠤ ᠪᠦᠬᠦ ᠨᠡᠶᠢᠭᠡᠮ ᠢᠶᠠᠷ ᠢᠶᠠᠨ ᠠᠩᠬᠠᠷᠴᠤ᠂ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠠᠶ᠃ | | |