ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
        6 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠣᠳᠣᠬᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠤᠯᠠᠮ ᠨᠢᠭᠡ ᠠᠯᠬᠤᠮ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠢ ᠡᠷᠬᠢᠯᠡᠪᠡ᠃ ᠬᠤᠷᠠᠯ ᠠᠴᠠ᠂ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠡᠷᠭᠦᠭᠡᠬᠦ ᠶᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠤᠷᠲᠤ ᠬᠤᠭᠤᠴᠠᠭ᠎ᠠ ᠪᠠᠷ ᠴᠢᠷᠮᠠᠶᠢᠨ ᠠᠬᠢᠭᠤᠯᠬᠤ ᠬᠡᠷᠡᠭᠲᠡᠢ᠃ ᠴᠢᠩᠭ᠎ᠠ ᠪᠥᠭᠡᠳ ᠪᠣᠳᠠᠲᠠᠢ ᠠᠵᠢᠯᠯᠠᠬᠤ ᠰᠤᠷᠲᠠᠯ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠶᠢ ᠴᠢᠩᠳᠠᠯᠠᠨ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠮᠤ ᠪᠠᠯᠭᠠᠰᠤ ᠠᠯᠤᠰᠯᠠᠨ ᠰᠣᠯᠪᠢᠴᠠᠨ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠨᠠᠶᠢᠷ ᠲᠠᠯ᠎ᠠ ᠶᠢᠨ ᠬᠡᠷᠡᠭ᠂ ᠬᠠᠷᠢᠴᠠᠭᠠᠨ ᠤ ᠬᠡᠷᠡᠭ ᠠᠴᠠ ᠵᠠᠶᠢᠯᠠᠰᠬᠢᠵᠦ᠂ ᠡᠯ᠎ᠡ ᠰᠤᠮᠤ ᠪᠠᠯᠭᠠᠰᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠬᠡᠷᠡᠭᠵᠢᠭᠦᠯᠬᠦ ᠡᠷᠬᠡ ᠰᠦᠷᠲᠦ ᠴᠢᠨᠠᠷ ᠢ ᠴᠢᠩᠭᠠᠳᠬᠠᠬᠤ ᠬᠡᠷᠡᠭᠲᠡᠢ᠃ ᠪᠦᠬᠦ ᠲᠠᠯ᠎ᠠ ᠪᠠᠷ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠯᠠᠨ ᠲᠦᠮᠡᠨ ᠤ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠡᠭᠡᠷ᠎ᠡ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠵᠦᠢᠯᠡᠰ ᠢ ᠲᠣᠬᠢᠷᠠᠭᠤᠯᠤᠨ ᠲᠤᠬᠢᠷᠠᠭᠤᠯᠪᠠ᠃ ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠪᠣᠯᠤᠨ ᠳᠠᠷᠠᠭᠠᠴᠢ ᠶᠢᠨ ᠠᠯᠬᠤᠮ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠬᠢᠨᠠᠨ ᠬᠠᠷᠭᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠨᠠᠷ ᠰᠠᠶᠢᠲᠠᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠳᠤ ᠪᠠᠲᠤ ᠪᠠᠬᠢ ︽ᠲᠠᠷᠢᠶᠠᠯᠠᠬᠤ︾ ᠰᠠᠭᠤᠷᠢ ᠶᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠬᠢᠨᠠᠨ ᠬᠡᠮᠵᠢᠬᠦ ᠡᠷᠦᠬᠡ ᠶᠢ ᠣᠨᠣᠪᠴᠢᠲᠠᠢ ᠢᠯᠭᠠᠨ ᠲᠠᠨᠢᠵᠤ᠂ ᠤᠤᠭᠤᠬᠤ ᠤᠰᠤ᠂ ᠰᠤᠷᠭᠠᠨ ᠬᠥᠮᠦᠵᠢᠯ᠂ ᠡᠷᠡᠭᠦᠯ ᠮᠡᠨᠳᠦ ᠶᠢᠨ ᠡᠮ ᠡᠮᠨᠡᠯᠭᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠬᠤ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠵᠠᠭᠪᠤᠷ ᠢ ᠪᠦᠲᠦᠮᠵᠢᠲᠡᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠥᠩᠭᠡ ᠶᠢ ᠲᠠᠰᠤᠷᠠᠯᠲᠠ ᠦᠭᠡᠢ ᠭᠡᠷᠡᠯᠳᠦᠬᠦᠯᠬᠦ ᠬᠡᠷᠡᠭᠲᠡᠢ᠃ ᠬᠤᠷᠠᠯ ᠳᠡᠭᠡᠷ᠎ᠡ ᠪᠠᠰᠠ ᠤᠯᠤᠰ ᠤᠨ ᠲᠠᠪᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠶᠢ ᠤᠭᠲᠤᠬᠤ ᠪᠡᠯᠡᠳᠬᠡᠯ ᠠᠵᠢᠯ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠤᠬᠠᠢ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠪᠠ᠃ ᠬᠤᠰᠢᠭᠤᠨ ᠤ ᠤᠳᠤᠷᠢᠳᠤᠯᠭ᠎ᠠ ᠹᠧᠩ ᠵᠢᠶᠠᠨ ᠵᠦᠩ ᠨᠡᠷ ᠬᠤᠷᠠᠯ ᠳᠤ ᠣᠷᠣᠯᠴᠠᠵᠠᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号