| | 6 ᠰᠠᠷ᠎ᠠ ᠶᠢᠨ 5 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠸᠠᠩ ᠰᠢᠶᠤᠤ ᠬᠤᠸᠠᠨ ᠬᠠᠷᠢᠶ᠎ᠠ ᠣᠷᠣᠨ ᠤ ᠡᠯ᠎ᠡ ᠵᠡᠭᠡᠯᠢ ᠭᠤᠳᠤᠮᠵᠢ ᠪᠠᠷ ᠭᠦᠨᠵᠡᠭᠡᠶᠢᠷᠡᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ | ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ᠂ ᠬᠤᠲᠠ ᠶᠢᠨ ᠤᠳᠤᠷᠢᠳᠤᠯᠭ᠎ᠠ ᠴᠢᠶᠣᠤ ᠹᠧᠩ ᠯᠢᠨ ᠪᠥᠬᠦ ᠶᠠᠪᠤᠴᠠ ᠳᠤ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ ᠸᠠᠩ ᠰᠢᠶᠤᠤ ᠬᠤᠸᠠᠨ᠂ ᠪᠥᠬᠦ ᠬᠤᠲᠠ ᠪᠠᠷ ᠢᠶᠠᠨ ᠰᠢ ᠶᠢᠨ ᠫᠢᠩ ᠶᠡᠷᠦᠩᠬᠡᠶ | ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ | ᠬᠤᠲᠠ ᠶᠢ ᠡᠭᠦᠳᠦᠨ ᠪᠠᠶᠢᠭᠤᠯᠬᠤ ᠡᠯ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠵᠡᠯ | ᠰᠠᠨᠠᠭᠠᠨ ᠤ ᠲᠠᠯ᠎ᠠ ᠪᠠᠷ ︽ᠳᠠᠬᠢᠨ ᠳᠠᠷᠤᠯᠲᠠ ᠥᠭᠴᠦ︾᠂ ᠠᠵᠢᠯ ᠤᠨ ᠲᠠᠯ᠎ᠠ ᠪᠠᠷ ︽ᠳᠠᠬᠢᠨ ᠬᠦᠴᠦ ᠣᠷᠣᠭᠤᠯᠵᠤ | ︾᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠶᠢ ᠡᠭᠦᠳᠬᠦ ᠡᠷᠡᠭᠦᠯ ᠬᠠᠮᠠᠭᠠᠯᠠᠯ ᠤᠨ ᠠᠵᠢᠯ ᠢ | ᠨᠠᠷᠢᠯᠢᠭ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠠᠰᠠᠭᠤᠳᠠᠯ ᠢ | ᠳᠠᠬᠢᠨ ᠡᠭᠦᠰᠬᠦ ᠠᠴᠠ ᠰᠡᠷᠭᠡᠶᠢᠯᠡᠨ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠶ | ᠰᠠᠨᠠᠭᠠᠴᠢᠯᠠᠵᠤ᠂ ᠷᠠᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠰᠠᠭᠤᠭᠠᠯᠢ ᠠᠷᠠᠳ ᠤᠯᠠᠨ ᠢ ᠲᠠᠶᠢᠴᠢᠯᠡᠨ | ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ | ᠣᠷᠣᠯᠴᠠᠭᠤᠯᠵᠤ᠂ ᠣᠨᠴᠠᠭᠠᠶᠢᠯᠠᠨ ᠲᠡᠭᠰᠢ ᠣᠷᠦ᠋ᠢᠳᠣ ᠭᠡᠷ ᠪᠠᠶᠢᠰᠢᠩ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠪᠦᠬᠦᠨ ᠢ ᠪᠦᠷᠬᠦᠬᠦᠯᠵᠤ᠂ ᠥᠨᠳᠥᠷ | ᠪᠠᠷᠢᠮᠵᠢᠶ᠎ᠠ ᠲᠠᠢ ᠪᠠᠷ᠂ ᠴᠢᠨᠠᠷ ᠰᠠᠶᠢᠲᠠᠢ ᠪᠡᠶᠡᠯᠡᠭᠦᠯᠵᠦ᠂ ᠥᠷᠭᠡᠨ ᠤᠯᠠᠨ ᠰᠠᠭᠤᠭᠠᠯᠢ ᠠᠷᠠᠳ᠂ ᠵᠤᠭᠠᠴᠠᠭᠰᠠᠳ ᠲᠤ | ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | | |