| | ᠵᠤᠨ ᠤ ᠳᠤᠮᠳᠠ ᠤᠯᠠᠷᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠪᠣᠯᠭᠠᠨ ᠳᠤ | ᠬᠠᠲᠤᠨ ᠭᠤᠣᠯ ᠢ ᠣᠨᠢᠰᠤᠯᠠᠭᠰᠠᠨ᠂ ᠰᠢᠨ᠎ᠡ ᠨᠣᠭᠤᠭᠠᠨ ᠥᠩᠭᠡ ᠤᠷᠭᠤᠬᠤ ᠶᠠᠭᠠᠷᠠᠯᠲᠠᠢ ᠪᠠᠶᠢᠳᠠᠯ ᠬᠠᠷᠠᠭᠳᠠᠨ᠎ᠠ᠃ | ᠥᠷᠭᠡᠨ ᠣᠯᠠᠨ ᠺᠠᠳ᠋ᠷ ᠣᠯᠠᠨ ᠲᠦᠮᠡᠨ ᠡᠯᠡᠰᠦᠷᠬᠡᠭ ᠭᠠᠵᠠᠷ ᠤᠷᠤᠭᠤ ᠳᠠᠪᠰᠢᠵᠤ᠂ ᠣᠶᠢᠵᠢᠭᠤᠯᠵᠤ ᠡᠯᠡᠰᠦ ᠶᠢ | ᠵᠠᠰᠠᠬᠤ ᠬᠠᠯᠠᠭᠤᠨ ᠥᠷᠨᠢᠯᠲᠡ ᠭᠠᠷᠭᠠᠪᠠ︔ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠵᠡᠷᠭᠡ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ ᠥᠷᠨᠢᠭᠦᠯᠵᠦ᠂ ᠤᠯᠠᠮ ᠢᠶᠠᠷ ᠰᠠᠶᠢᠵᠢᠷᠠᠯᠲᠠ ᠲᠠᠢ ᠪᠣᠯᠭᠠᠪᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠬᠥᠪᠡᠭᠡ ᠶᠢᠨ ᠪᠦᠰᠡ ᠳᠤ | ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠵᠠᠬ᠎ᠠ ᠬᠢᠵᠠᠭᠠᠷ ᠣᠷᠣᠨ ᠢ ᠭᠠᠳᠠᠭᠰᠢ ᠳᠡᠯᠭᠡᠷᠡᠭᠦᠯᠬᠦ ᠶᠢ | ᠬᠤᠷᠢᠭᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠤᠢ᠃ ᠨᠢᠳᠤᠨᠤᠨ ᠤ 6 ᠰᠠᠷ᠎ᠠ ᠳᠤ᠂ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠥᠪᠥᠷ ᠮᠣᠩᠭᠤᠯ ᠳᠤ | ᠬᠤᠷᠠᠯᠳᠤᠵᠤ᠂ ᠬᠤᠷᠠᠯ ᠳᠡᠭᠡᠷ᠎ᠡ ︽ᠨᠢᠭᠡ ᠤᠳᠠᠭᠠᠨ ᠤ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠬᠢᠬᠦ︾ ᠤᠷᠢᠶᠠᠯᠠᠭ᠎ᠠ ᠭᠠᠷᠭᠠᠵᠤ᠂ ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠪᠠ᠃ ᠬᠢᠩᠭᠠᠨ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠣᠣᠷ᠎ᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠶᠡᠭᠡ | ᠳᠠᠶᠢᠯᠠᠯᠳᠤᠭᠠᠨ ᠳᠤ ᠣᠷᠣᠯᠴᠠᠬᠤ ᠣᠮᠤᠭ ᠵᠣᠷᠢᠭ ᠪᠠ ᠬᠡᠪ ᠤᠨ ᠪᠠᠶᠢᠳᠠᠯ ᠠᠴᠠ ᠳᠠᠪᠠᠭᠰᠠᠨ ᠡᠷᠴᠢᠮ ᠢᠶᠠᠷ ᠰᠢᠨ᠎ᠡ | ᠡᠨᠧᠷᠭᠢ ᠶᠢᠨ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠤ ᠡᠯᠡᠰᠦ ᠶᠢ | ᠵᠠᠰᠠᠬᠤ᠂ ᠨᠡᠶᠢᠭᠡᠮ ᠤᠨ ᠡᠯᠡᠰᠦ ᠶᠢ ᠵᠠᠰᠠᠬᠤ ᠪᠠ ᠦᠷ᠎ᠡ ᠠᠰᠢᠭ ᠢᠶᠠᠷ ᠡᠯᠡᠰᠦ ᠶᠢ ᠵᠠᠰᠠᠬᠤ ︽ᠲᠠᠪᠤᠨ ᠵᠦᠢᠯ ᠤᠨ | ᠡᠯᠡᠰᠦ ᠶᠢ ᠵᠠᠰᠠᠬᠤ ᠵᠠᠭᠪᠤᠷ︾ ᠤᠨ ᠲᠣᠭᠤᠷᠢᠨ ᠳᠤ᠂ ᠬᠤᠷᠴᠢᠨ ᠤ ᠡᠯᠡᠰᠦᠷᠬᠡᠭ ᠭᠠᠵᠠᠷ ᠤᠨ ︽ᠱᠠᠯᠢᠭ ᠵᠠᠪᠬᠠᠢ ᠶᠢ | ᠤᠰᠠᠳᠬᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠴᠠᠭᠠᠨ ᠢ ᠵᠠᠰᠠᠬᠤ︾ ᠭᠤᠷᠪᠠᠨ ᠶᠡᠭᠡ ᠠᠵᠢᠯᠯᠠᠭ᠎ᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ ︽ᠪᠦᠬᠦ ᠴᠠᠷᠠᠭ᠎ᠠ ᠪᠠᠷ ᠱᠠᠯᠢᠭ ᠵᠠᠪᠬᠠᠢ ᠶᠢ | ᠤᠰᠠᠳᠬᠠᠬᠤ︾ ᠬᠠᠷᠠᠯᠲᠠ ᠶᠢ ᠪᠡᠶᠡᠯᠡᠭᠦᠯᠦᠨ᠎ᠡ᠃ ᠡᠨᠡ ᠬᠡᠳᠦᠨ ᠡᠳᠦᠷ᠂ ᠪᠣᠷᠣᠭᠠᠨ ᠤ ᠤᠯᠠᠷᠢᠯ ᠬᠦᠷᠴᠦ | ᠢᠷᠡᠬᠦ ᠠᠴᠠ ᠡᠮᠦᠨ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠵᠠᠰᠠᠯᠲᠠ ᠶᠢᠨ ᠣᠷᠣᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠪᠡᠰᠦ ᠮᠣᠳᠣ ᠲᠠᠷᠢᠵᠤ᠂ ᠡᠯᠡᠰᠦ ᠶᠢ ᠰᠡᠷᠭᠡᠶᠢᠯᠡᠨ ᠵᠠᠰᠠᠵᠤ᠂ | ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠳᠠᠶᠢᠴᠢᠨᠲᠠᠯ᠎ᠠ ᠰᠤᠮᠤ ᠶᠢᠨ ᠵᠡᠯ᠎ᠡ ᠶᠢᠨ ᠬᠤᠸᠠ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ | ᠲᠤᠬᠠᠢ ᠶᠢᠨ ᠲᠠᠯᠠᠪᠠᠢ ᠳᠤ ᠬᠦᠷᠬᠦ ᠳᠤ᠂ ᠮᠠᠩᠬᠠᠨ ᠰᠢᠷ᠎ᠠ ᠡᠯᠡᠰᠦ ᠶᠢ ᠬᠡᠳᠦᠨ ᠲᠦᠮᠡᠨ ᠡᠯᠡᠰᠦᠨ ᠬᠠᠯᠬᠠᠪᠴᠢ ᠪᠣᠯᠭᠠᠨ | ᠲᠣᠭᠲᠠᠭᠠᠵᠠᠢ᠃ ᠨᠥᠭᠦᠭᠡ ᠲᠠᠯ᠎ᠠ ᠪᠠᠷ᠂ ᠬᠠᠭᠠᠯᠪᠤᠷᠢᠯᠠᠬᠤ ᠦᠭᠡᠢ ᠪᠠᠷ ᠨᠥᠬᠦᠵᠦ ᠲᠠᠷᠢᠬᠤ ᠮᠠᠰᠢᠨ ᠨᠢ ᠡᠯᠡᠰᠦᠷᠬᠡᠭ | ᠭᠠᠵᠠᠷ ᠲᠤ ᠨᠠᠰᠢ ᠴᠠᠰᠢ ᠰᠦᠯᠵᠢᠯᠳᠦᠵᠦ᠂ ᠦᠷ᠎ᠡ ᠰᠠᠴᠤᠵᠤ᠂ ᠡᠪᠡᠰᠦᠨ ᠦᠷ᠎ᠡ ᠶᠢ ᠤᠷᠤᠭᠰᠢᠲᠠᠢ ᠪᠠᠷ ︽ | ᠨᠤᠲᠤᠭᠰᠢᠭᠤᠯᠵᠤ︾ ᠪᠠᠶᠢᠪᠠ᠃ ︽ᠳᠠᠶᠢᠴᠢᠨᠲᠠᠯ᠎ᠠ ᠠᠳᠡ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ | ᠰᠡᠶᠢᠷᠡᠭ᠂ ᠬᠥᠷᠥᠰᠥᠨ ᠤ ᠰᠠᠯᠬᠢᠨ ᠤ ᠢᠳᠡᠭᠳᠡᠯ ᠬᠦᠨᠳᠦ ᠨᠣᠴᠢᠲᠠᠢ ᠪᠠᠶᠢᠵᠤ᠂ ᠬᠠᠭᠠᠯᠪᠤᠷᠢᠯᠠᠬᠤ ᠦᠭᠡᠢ ᠪᠠᠷ | ᠨᠥᠬᠦᠵᠦ ᠲᠠᠷᠢᠬᠤ ᠳᠤ ᠬᠥᠮᠦᠨ ᠤ ᠬᠦᠴᠦ ᠪᠠᠷ ᠡᠯᠡᠰᠦ ᠶᠢ ᠵᠠᠰᠠᠬᠤ ᠳᠤ ᠬᠦᠴᠢᠷᠲᠡᠢ ᠪᠠᠶᠢᠬᠤ ᠠᠰᠠᠭᠤᠳᠠᠯ ᠢ | ᠰᠢᠢᠳᠪᠦᠷᠢᠯᠡᠬᠦ ᠪᠠᠷ ᠪᠠᠷᠠᠬᠤ ᠦᠭᠡᠢ᠂ ᠪᠠᠰᠠ ᠴᠢᠭᠢᠭ ᠢ ᠬᠠᠮᠠᠭᠠᠯᠠᠵᠤ᠂ ᠬᠥᠷᠥᠰᠥᠨ ᠤ ᠣᠷᠭᠠᠨᠢᠭ ᠪᠣᠳᠠᠰ ᠢ | ᠨᠡᠮᠡᠭᠳᠡᠭᠦᠯᠵᠦ ᠴᠢᠳᠠᠨ᠎ᠠ︾ ᠭᠡᠵᠡᠢ᠃ ᠮᠧᠩ ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ ᠾᠧᠦ ᠶᠤᠸᠡᠢ ᠰᠤᠷᠪᠤᠯᠵᠢᠯᠠᠭᠴᠢ ᠳᠤ | ᠬᠡᠯᠡᠪᠡ᠃ ᠭᠠᠵᠠᠷ ᠤᠨ ᠬᠡᠰᠡᠭ ᠢ ᠡᠮᠬᠢᠯᠡᠵᠦ᠂ ᠨᠦᠬᠡ ᠮᠠᠯᠲᠠᠵᠤ᠂ ᠴᠢᠬᠢ ᠮᠣᠳᠣ ᠵᠥᠭᠡᠭᠡᠪᠦᠷᠢᠯᠡᠵᠦ᠂ ᠡᠯᠡᠰᠦᠨ | ᠬᠠᠯᠬᠠᠪᠴᠢ ᠶᠢᠨ ᠪᠠᠶᠢᠷᠢᠯᠠᠭᠤᠯᠤᠯᠲᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠮᠦᠨ᠎ᠡ | ᠭᠤᠷᠪᠠᠨ ᠰᠤᠮᠤ︾ ᠶᠢᠨ ᠬᠤᠶᠠᠷᠰᠤᠮᠤ ᠪᠠᠯᠭᠠᠰᠤᠨ ᠤ ᠬᠤᠸᠠᠷ ᠤᠨ ᠳ᠋ᠧᠩ ᠭᠠᠴᠠᠭ᠎ᠠ ᠶᠢᠨ ︽ᠬᠠᠭᠠᠰ ᠨᠡᠭᠦᠳᠡᠯ︾ | ᠡᠯᠡᠰᠦᠨ ᠳᠣᠪᠤ ᠲᠠᠢ ᠭᠠᠵᠠᠷ ᠲᠤ 1200 ᠭᠠᠷᠤᠢ ᠺᠠᠳ᠋ᠷ ᠣᠯᠠᠨ ᠲᠦᠮᠡᠨ ᠮᠢᠩᠭ᠎ᠠ ᠭᠠᠷᠤᠢ ᠮᠦ ᠢᠯᠡ ᠡᠯᠡᠰᠦᠨ | ᠭᠠᠵᠠᠷ ᠢ ᠲᠡᠭᠰᠢᠯᠡᠵᠦ᠂ ᠨᠦᠬᠡ ᠮᠠᠯᠲᠠᠵᠤ᠂ ᠴᠢᠬᠢ ᠮᠣᠳᠣ ᠵᠥᠭᠡᠭᠡᠪᠦᠷᠢᠯᠡᠵᠦ᠂ ᠡᠯᠡᠰᠦᠨ ᠬᠠᠯᠬᠠᠪᠴᠢ | ᠲᠣᠬᠢᠷᠠᠭᠤᠯᠤᠭᠰᠠᠨ ᠪᠠᠶᠢᠨ᠎ᠠ᠃ ᠡᠨᠡ ᠵᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠷᠴᠢᠨ ᠤ | ᠡᠯᠡᠰᠦᠷᠬᠡᠭ ᠭᠠᠵᠠᠷ ᠢ ᠵᠠᠰᠠᠬᠤ ᠬᠡᠷᠡᠭᠵᠢᠭᠦᠯᠬᠦ ᠬᠡᠰᠡᠭ ᠣᠷᠣᠨ ᠢᠶᠠᠷ ᠭᠤᠣᠯᠳᠠᠯᠭ᠎ᠠ ᠪᠣᠯᠭᠠᠵᠤ᠂ ᠮᠠᠯᠴᠢᠨ | ᠲᠠᠷᠢᠶᠠᠴᠢᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ | ᠣᠷᠣᠯᠠᠭᠤᠯᠬᠤ᠂ ᠭᠠᠴᠠᠭᠠᠨ ᠤ ᠬᠠᠮᠲᠤ ᠪᠠᠷ ᠡᠯᠡᠰᠦ ᠶᠢ ᠵᠠᠰᠠᠬᠤ᠂ ᠬᠤᠯᠪᠣᠭᠠᠲᠤ ᠴᠣᠭᠴᠠ ᠶᠢᠨ ᠡᠯᠡᠰᠦ ᠶᠢ ᠵᠠᠰᠠᠬᠤ | ᠵᠡᠷᠭᠡ ᠲᠥᠯᠥᠪᠦᠷᠢ ᠲᠠᠢ ᠬᠥᠳᠡᠯᠮᠦᠷᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠡᠭᠦᠷᠭᠡ ᠶᠢ ᠡᠭᠦᠷᠭᠡᠯᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠳᠤ ᠢᠳᠡᠪᠬᠢᠲᠡᠢ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ ᠨᠡᠶᠢᠲᠡ 15251 ᠮᠠᠯᠴᠢᠨ | ᠲᠠᠷᠢᠶᠠᠴᠢᠨ ᠣᠷᠣᠯᠴᠠᠵᠠᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠬᠤᠶᠢᠲᠤ ᠬᠡᠰᠡᠭ ᠤᠨ | ᠭᠦᠢᠬᠡᠨ ᠠᠭᠤᠯᠠ ᠳᠣᠪᠣᠷᠬᠠᠭ ᠭᠠᠵᠠᠷ ᠲᠤ ᠪᠠᠶᠢᠭ᠎ᠠ ᠳᠥᠷᠥᠯᠵᠢ ᠪᠠᠯᠭᠠᠰᠤᠨ ᠤ ᠶᠠᠮᠣᠨᠮᠣᠳᠣ ᠭᠠᠴᠠᠭᠠᠨ ᠤ ᠡᠯᠡᠰᠦᠷᠬᠡᠭ | ᠭᠠᠵᠠᠷ ᠤᠨ ᠵᠠᠰᠠᠯᠲᠠ ᠶᠢᠨ ᠣᠷᠣᠨ ᠣᠳᠣᠬᠠᠨ ᠳᠤ ᠪᠣᠭᠤᠮᠲᠠ ᠰᠢᠪᠲᠤᠯᠬᠤ ᠱᠠᠲᠤᠨ ᠳᠤ ᠣᠷᠣᠵᠠᠢ᠃ ᠴᠥᠭᠡᠨ | ᠪᠤᠰᠤ ᠮᠣᠳᠣ ᠲᠠᠷᠢᠬᠤ ᠨᠥᠬᠦᠴᠡᠯ ᠠᠨᠠᠢ ᠭᠠᠵᠠᠷ ᠤᠨ ᠮᠣᠳᠣᠨ ᠤ ᠵᠤᠯᠵᠠᠭ᠎ᠠ ᠮᠣᠳᠣ ᠶᠢ ᠬᠥᠮᠦᠨ ᠡᠭᠦᠷᠴᠦ ᠬᠠᠭᠠᠰ | ᠠᠭᠤᠯᠠ ᠬᠠᠳᠠᠨ ᠳᠤ ᠵᠥᠭᠡᠭᠡᠪᠦᠷᠢᠯᠡᠨ ᠬᠦᠷᠭᠡᠬᠦ ᠬᠡᠷᠡᠭᠲᠡᠢ᠂ ᠵᠠᠷᠢᠮ ᠡᠭᠴᠡ ᠡᠯᠡᠰᠦᠨ ᠪᠡᠯ ᠴᠢᠨᠠᠭᠰᠢᠯᠠᠭᠠᠳ | ᠵᠢᠯᠣᠭᠤᠴᠢ ᠦᠭᠡᠢ ᠨᠢᠰᠬᠡᠯ ᠢᠶᠠᠷ ᠳᠡᠭᠦᠵᠢᠯᠡᠨ ᠵᠥᠭᠡᠭᠡᠪᠦᠷᠢᠯᠡᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠰᠠᠶ᠋ᠢᠬᠠᠨ | ᠥᠩᠭᠡᠷᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠶᠢᠨ ᠵᠢᠷᠠᠨ ᠳᠠᠪᠠᠭ᠎ᠠ | ᠭᠠᠴᠠᠭ᠎ᠠ᠂ ᠪᠠᠶᠠᠨᠲᠣᠬᠤᠢ ᠭᠠᠴᠠᠭ᠎ᠠ ᠶᠢᠨ ᠵᠠᠰᠠᠯᠲᠠ ᠶᠢᠨ ᠣᠷᠣᠨ 2.52 ᠲᠦᠮᠡᠨ ᠰᠠᠭᠤᠷᠢ ᠰᠢᠨ᠎ᠡ ᠪᠠᠷ ᠵᠠᠶᠢᠯᠠᠭᠰᠠᠨ | ᠬᠠᠷᠭᠠᠨ᠎ᠠ ᠨᠢ ᠡᠯᠡᠰᠦᠷᠬᠡᠭ ᠭᠠᠵᠠᠷ ᠲᠤ ᠨᠣᠭᠤᠭᠠᠷᠠᠵᠤ ᠪᠠᠶᠢᠯ᠎ᠠ᠃ ᠡᠭᠦᠨ ᠤ ᠵᠡᠷᠭᠡᠴᠡᠭᠡ ᠡᠯᠡᠰᠦᠨ ᠰᠢᠭᠤᠷᠭ᠎ᠠ | ᠳᠡᠪᠢᠰᠬᠦ ᠠᠵᠢᠯ ᠴᠤ ᠰᠢᠪᠲᠤᠷᠭᠠᠨ ᠤ ᠱᠠᠲᠤᠨ ᠳᠤ ᠣᠷᠣᠪᠠ᠃ ︽ᠣᠳᠣᠬᠠᠨ ᠪᠣᠯᠲᠠᠯ᠎ᠠ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ 12 ᠰᠤᠮᠤ ᠪᠠᠯᠭᠠᠰᠤ᠂ 440 ᠭᠠᠷᠤᠢ ᠠᠵᠢᠯᠯᠠᠬᠤ ᠲᠣᠭᠤᠷᠢᠭ ᠨᠢᠭᠡᠨᠲᠡ ᠪᠦᠬᠦ | ᠲᠠᠯ᠎ᠠ ᠪᠠᠷ ᠠᠵᠢᠯ ᠡᠬᠢᠯᠡᠭᠦᠯᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠡᠯᠡᠰᠦ ᠶᠢ ᠵᠠᠰᠠᠵᠤ ᠣᠶᠢᠵᠢᠭᠤᠯᠤᠭᠰᠠᠨ | ᠲᠠᠯᠠᠪᠠᠢ ᠨᠡᠶᠢᠲᠡ 8.6 ᠲᠦᠮᠡᠨ ᠮᠦ ᠳᠤ ᠬᠦᠷᠴᠡᠢ︾ ᠭᠡᠪᠡ᠃ | | |