︽ᠵᠢᠷᠭᠤᠭᠠᠨ ᠢᠨᠵᠧᠨᠧᠷᠢᠩ︾ ᠤᠨ ᠬᠤᠷᠠᠯ ᠪᠠ ︽ᠳᠤᠯᠠᠭᠠᠯᠠᠬᠤ ᠢᠨᠵᠧᠨᠧᠷᠢᠩ︾ ᠤᠨ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/12
         6 ᠰᠠᠷ᠎ᠠ ᠶᠢᠨ 5 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠳᠤᠯᠠᠭᠠᠯᠠᠬᠤ ᠢᠨᠵᠧᠨᠧᠷᠢᠩ︾ ᠤᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠳᠤᠯᠠᠭᠠᠯᠠᠭ᠎ᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠪᠣᠯ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠡᠩ ᠴᠤ ᠤᠯᠠᠨ ᠲᠦᠮᠡᠨ ᠤ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠬᠦ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠠ ᠲᠣᠬᠢᠶᠠᠯ ᠢ ᠪᠠᠲᠤ ᠡᠵᠡᠮᠳᠡᠨ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠰᠢᠰᠲ᠋ᠧᠮ ᠲᠠᠢ ᠪᠠᠷ ᠠᠷᠭ᠎ᠠ ᠰᠦᠪᠡᠭᠴᠢᠯᠡᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠬᠡᠷᠡᠭᠵᠢᠭᠦᠯᠬᠦ ᠲᠥᠰᠥᠯ ᠢ ᠨᠠᠷᠢᠯᠢᠭᠵᠢᠭᠤᠯᠵᠤ᠂ ᠪᠡᠯᠡ ᠮᠥᠩᠭᠦ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠲᠡᠬᠡᠨ ᠠᠵᠢᠯ ᠳᠠᠭᠤᠰᠬᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠡᠰᠡᠭ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号