ᠦ᠋ ᠴᠠ ᠭᠧᠤ ᠪᠠᠯᠭᠠᠰᠤ ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ ᠣᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/6/12
    ᠡᠨᠡ ᠵᠢᠯ ᠤᠨ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠷᠡᠰᠢᠶᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠷᠡᠰᠢᠶᠠᠨ ᠬᠤᠳᠡ ᠶᠢᠨ ᠦ᠋ ᠴᠠ ᠭᠸᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠭᠠᠨ᠎ᠠ — ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠦᠨ᠎ᠡ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠠᠵᠢᠯᠲᠠᠳ ᠠᠴᠠ ᠳᠡᠯᠭᠡᠭᠦᠷ᠂ ᠬᠤᠭᠤᠯᠠᠨ ᠬᠡᠷ ᠵᠡᠷᠭᠡ ᠬᠤᠳᠠᠯᠳᠤᠭᠠᠴᠢᠨ ᠡᠷᠦᠬᠡ ᠳᠤ ᠤᠬᠠᠭᠤᠯᠭ᠎ᠠ ᠬᠢᠵᠦ᠂ ᠬᠤᠳᠠᠯᠳᠤᠭᠠᠴᠢᠨ ᠡᠷᠦᠬᠡ ᠳᠤ ︽ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠠᠮᠢ ᠨᠠᠰᠤᠨ ᠤ ᠵᠠᠮ ᠤᠨ ᠴᠢᠬᠤᠯᠠ ᠴᠢᠨᠠᠷ ᠂ ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ ᠵᠢᠴᠢ ᠪᠠᠴᠢᠮ ᠪᠠᠶᠢᠳᠠᠯ ᠢ ᠠᠷᠭᠠᠴᠠᠭᠠᠨ ᠬᠦᠮᠣᠰ ᠢ ᠠᠶᠣᠯ ᠦᠭᠡᠢ ᠪᠠᠷ ᠲᠠᠷᠬᠠᠭᠠᠬᠤ ᠪᠠ ᠥᠪᠡᠷ ᠢ ᠪᠠᠨ ᠠᠪᠤᠷᠬᠠᠤ ᠮᠡᠷᠭᠡᠵᠢᠯ ᠢ ᠬᠡᠷᠬᠢᠨ ᠪᠠᠲᠤᠯᠠᠬᠤ ᠶᠢ ᠲᠠᠶᠢᠯᠪᠤᠷᠢᠯᠠᠨ ᠥᠭᠴᠡᠢ︔ ᠬᠠᠮᠤᠭ ᠰᠡᠭᠦᠯ ᠳᠤᠨᠢ ᠪᠠᠰᠠ ᠬᠤᠳᠠᠯᠳᠤᠭᠠᠴᠢᠨ ᠡᠷᠦᠬᠡ ᠶᠢᠨ ᠬᠠᠷᠢᠭᠤᠴᠠᠯᠭᠠᠲᠠᠨ ᠳᠤ ︽ᠠᠶᠤᠯ ᠦᠭᠡᠶ ᠭᠠᠷᠬᠤ ᠡᠭᠦᠳᠡ᠂ ᠠᠮᠢ ᠵᠢᠭᠤᠳᠡᠬᠤ ᠠᠰᠠᠷ ᠤᠨ ᠱᠠᠲᠤ᠂ ᠭᠠᠯ ᠤᠨᠲᠠᠷᠠᠭᠠᠬᠤ ᠮᠠᠰᠢᠨ ᠲᠡᠷᠭᠡᠨ ᠤ ᠵᠠᠮ ᠪᠣᠯ ᠡ᠊ᠨᠳᠡᠯ ᠭᠠᠷᠬᠤ ᠦᠶ᠎ᠡ ᠶᠢᠨ ᠠᠮᠢ ᠨᠠᠰᠤᠨ ᠤ ᠵᠠᠮ ᠮᠥᠨ᠂ ᠡᠷᠬᠡᠪᠰᠢ ᠴᠠᠭ ᠢᠮᠠᠭᠲᠠ ᠰᠠᠭᠠᠳ ᠦᠭᠡᠶ ᠨᠡᠪᠲᠡᠷᠡᠬᠦ ᠬᠡᠷᠡᠭᠲᠡᠶ︾ ᠭᠡᠵᠦ ᠴᠢᠬᠤᠯᠠᠴᠢᠯᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠦ᠋ ᠴᠠ ᠭᠸᠤ ᠪᠠᠯᠭᠠᠰᠤ ᠶᠢᠨ ᠬᠢᠨ ᠠᠶᠤᠯᠭᠦᠢ ᠦᠢᠯᠡᠳᠪᠦᠷᠢᠯᠡᠯ ᠤᠨ ᠰᠠᠷ᠎ᠠ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠭᠠᠨ᠎ᠠ — ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠦᠨ᠎ᠡ︾ ᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠤ ᠰᠡᠷᠭᠡᠶᠢᠯᠡᠬᠦ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠠᠭᠤᠷ ᠠᠮᠢᠰᠬᠤᠯ ᠢ ᠪᠤᠢ ᠪᠣᠯᠭᠠᠨ᠎ᠠ᠃        
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号