ᠵᠠᠯᠠᠶᠢᠳ ᠬᠤᠰᠢᠭᠤᠨ ᠤ ᠬᠦᠷᠡᠯ ᠪᠠᠯᠭᠠᠰᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠬᠠᠩᠭᠠᠨ ᠠᠷᠠᠳ ᠲᠤ ᠠᠰᠢᠭ ᠬᠦᠷᠳᠡᠭᠡᠵᠤ ᠪᠠᠶᠢᠨ᠎ᠠ
ᠨᠡᠶᠢᠲᠡᠯᠡᠭᠰᠡᠨ ᠴᠠᠭ᠄
2024/6/12
        ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠭᠦᠯᠦᠨ ᠮᠠᠯ ᠮᠠᠯᠵᠢᠬᠤ ᠠᠰᠠᠭᠤᠳᠠᠯ ᠢ ᠰᠶᠢᠳᠪᠤᠷᠢᠯᠡᠬᠦ ᠶᠢ ᠠᠬᠢᠭᠤᠯᠤᠨ᠂ ︽ᠵᠠᠯᠠᠶᠢᠳ ᠬᠤᠰᠢᠭᠤᠨ ᠤ ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠭᠦᠯᠦᠨ ᠮᠠᠯ ᠮᠠᠯᠵᠢᠬᠤ ᠠᠰᠠᠭᠤᠳᠠᠯ ᠢ ᠰᠶᠢᠳᠪᠤᠷᠢᠯᠡᠬᠦ ᠶᠢᠨ ᠲᠤᠷᠰᠢᠯᠳᠠ ᠶᠢᠨ ᠴᠡᠭ ᠢ ᠬᠡᠷᠡᠭᠵᠢᠬᠦᠯᠬᠦ ᠲᠦᠰᠥᠪ ︵2024 ᠤᠨ︶ ᠢ ᠪᠤᠳᠠᠳᠠᠢ ᠨᠠᠶᠢᠳᠠᠪᠤᠷᠢᠵᠢᠭᠤᠯᠬᠤ ᠠᠷᠭ᠎ᠠ ᠠᠪᠴᠠᠯ︾ ᠲᠠᠢ ᠤᠶᠠᠯᠳᠤᠭᠤᠯᠤᠨ᠂ ᠤᠶᠢᠷ᠎ᠠ ᠶᠢᠨ ᠡᠳᠤᠷ᠂ ᠵᠠᠯᠠᠶᠢᠤᠨ ᠬᠤᠰᠢᠭᠤᠨ ᠤ ᠬᠦᠷᠡᠯ ᠪᠠᠯᠭᠠᠰᠤ ᠮᠠᠰᠢᠨ ᠮᠧᠬᠠᠨᠢᠭ ᠤᠨ ᠬᠤᠳᠠᠯᠳᠤᠭᠠᠴᠢᠨ ᠡᠷᠤᠬᠡ ᠶᠢ ᠪᠠᠯᠭᠠᠰᠤᠨ ᠤ ᠵᠠᠰᠠᠭ ᠤᠨ ᠤᠷᠳᠤᠨ ᠤ ᠬᠦᠷᠢᠶᠡᠨ ᠳᠡᠭᠡᠨ ᠤᠷᠢᠵᠤ᠂ ᠲᠡᠯᠭᠡᠨ ᠪᠤᠷᠤᠯᠠᠭᠤᠯᠬᠤ ᠠᠵᠢᠯᠯᠠᠭ᠎ᠠ ᠦᠷᠨᠢᠬᠦᠯᠵᠤ᠂ ᠤᠯᠠᠨ ᠲᠦᠮᠡᠨ ᠳᠤ ᠲᠦᠬᠦᠮ ᠲᠦᠳᠠ ᠲᠠᠪᠴᠠᠩ ᠬᠠᠩᠭᠠᠨ᠂ ᠪᠦᠬᠦ ᠪᠠᠯᠭᠠᠰᠤᠨ ᠤ ᠲᠡᠵᠢᠭᠡᠨ ᠦᠷᠡᠵᠢᠬᠦᠯᠬᠦ ᠡᠷᠤᠬᠡ᠂ ᠲᠠᠷᠢᠶᠠᠯᠠᠩ ᠤᠨ ᠮᠠᠰᠢᠨ ᠤ ᠬᠤᠳᠠᠯᠳᠤᠵᠤ ᠪᠠᠶᠢᠬᠤ 100 ᠭᠠᠷᠤᠢ ᠬᠦᠮᠤᠨ ᠤᠷᠤᠯᠴᠠᠪᠠ᠃ ᠠᠵᠢᠯᠯᠠᠭᠠᠨ ᠤ ᠲᠠᠯᠠᠪᠠᠢ ᠳᠤ᠂ ᠡᠯ᠎ᠠ ᠲᠦᠷᠤᠯ ᠤᠨ ᠰᠢᠨ᠎ᠠ ᠬᠡᠯᠪᠡᠷᠢ ᠶᠢᠨ ᠮᠠᠰᠢᠨ ᠮᠧᠬᠠᠨᠢᠭ ᠢ ᠲᠡᠯᠭᠡᠨ ᠪᠤᠷᠤᠯᠠᠭᠤᠯᠵᠤ᠂ ᠮᠡᠷᠭᠡᠵᠢᠯᠳᠠᠨ ᠠᠴᠠ ᠡᠯ᠎ᠠ ᠵᠦᠢᠯ ᠤᠨ ᠮᠠᠰᠢᠨ ᠮᠧᠬᠠᠨᠢᠭ ᠢ ᠬᠡᠷᠡᠭᠯᠡᠬᠦ ᠠᠷᠭ᠎ᠠ ᠠᠪᠴᠠᠯ᠂ ᠪᠠᠶᠢᠩᠭᠤ ᠲᠤᠬᠢᠶᠠᠯᠳᠤᠬᠤ ᠭᠡᠮᠳᠤᠯ ᠢ ᠠᠷᠢᠯᠭᠠᠬᠤ᠂ ᠲᠦᠬᠦᠭᠡᠷᠤᠮᠵᠢ ᠶᠢ ᠰᠡᠯᠪᠢᠨ ᠵᠠᠰᠠᠬᠤ ᠵᠡᠷᠭᠡ ᠮᠡᠳᠡᠯᠭᠡ ᠳᠤ ᠨᠠᠷᠢᠨ ᠨᠢᠭᠳᠠ ᠲᠠᠶᠢᠯᠪᠤᠷᠢᠯᠠᠯᠳᠠ ᠬᠢᠭᠰᠡᠨ ᠤ ᠬᠠᠮᠳᠤ ᠲᠤᠬᠠᠢ ᠶᠢᠨ ᠲᠠᠯᠠᠪᠠᠢ ᠳᠤ ᠵᠢᠯᠤᠭᠤᠳᠤᠯᠭ᠎ᠠ ᠬᠢᠵᠤ᠂ ᠤᠯᠠᠨ ᠲᠦᠮᠡᠨ ᠳᠤ ᠡᠯ᠎ᠠ ᠲᠦᠷᠤᠯ ᠤᠨ ᠮᠠᠰᠢᠨ ᠮᠧᠬᠠᠨᠢᠭ ᠤᠨ ᠴᠢᠳᠠᠪᠬᠢ ᠶᠢ ᠤᠶᠢᠯᠠᠭᠠᠭᠤᠯᠵᠠᠢ᠃ ᠲᠤᠬᠠᠢ ᠶᠢᠨ ᠲᠠᠯᠠᠪᠠᠢ ᠳᠤ ᠠᠵᠢᠯᠳᠠᠨ ᠤ ᠲᠠᠨᠢᠯᠴᠠᠭᠤᠯᠭ᠎ᠠ ᠶᠢ ᠰᠤᠨᠤᠰᠤᠭᠰᠠᠨ ᠤ ᠲᠠᠷᠠᠭ᠎ᠠ᠂ ᠲᠠᠷᠢᠮᠠᠯ ᠤᠨ ᠡᠷᠤᠬᠡ ᠦᠪᠠᠷ ᠤᠨ ᠬᠡᠷᠡᠭᠴᠡᠭᠡᠨ ᠳᠡᠭᠡᠨ ᠲᠤᠬᠢᠷᠠᠭᠰᠠᠨ ᠦᠢᠯᠡᠳᠬᠦᠨ ᠢᠶᠠᠨ ᠰᠤᠩᠭᠤᠯ᠎ᠠ᠃ ᠨᠦᠮᠤᠷᠢ ᠭᠠᠴᠠᠭᠠᠨ ᠤ ᠲᠤᠰᠬᠤᠨ ᠤ ᠠᠷᠠᠳ᠄ ︽ᠦᠨᠤᠳᠤᠷ ᠲᠤᠰᠬᠤᠨ ᠳᠤ ᠮᠠᠰᠢᠨ ᠮᠧᠬᠠᠨᠢᠭ ᠤᠨ ᠲᠦᠬᠦᠭᠡᠷᠤᠮᠵᠢ ᠶᠢᠨ ᠲᠡᠯᠭᠡᠨ ᠪᠤᠷᠤᠯᠠᠭᠤᠯᠭ᠎ᠠ ᠬᠢᠬᠦ ᠶᠢ ᠰᠤᠨᠤᠰᠤᠭᠠᠳ ᠪᠢᠳᠠ ᠦᠵᠡᠬᠦ ᠪᠠᠷ ᠢᠷᠡᠵᠠᠢ᠃ ᠮᠠᠰᠢᠨ ᠮᠧᠬᠠᠨᠢᠭ ᠤᠨ ᠲᠦᠷᠤᠯ ᠵᠦᠢᠯ ᠠᠷᠪᠢᠨ ᠪᠠᠶᠢᠵᠤ᠂ ᠪᠢ ᠴᠠᠬᠢᠯᠭᠠᠨ ᠬᠦᠳᠡᠯᠭᠡᠬᠦᠷᠳᠤ ᠪᠤᠷᠳᠤᠭ᠎ᠠ ᠰᠠᠴᠤᠬᠤ ᠲᠡᠷᠭᠡ ᠶᠢ ᠬᠤᠳᠠᠯᠳᠤᠨ ᠠᠪᠬᠤ ᠰᠠᠨᠠᠭ᠎ᠠ ᠲᠠᠢ᠂ ᠦᠪᠠᠷ ᠢᠶᠠᠨ ᠪᠠᠭ᠎ᠠ ᠬᠡᠰᠡᠭ ᠵᠤᠭᠤᠰ ᠭᠠᠷᠭᠠᠪᠠᠯ᠂ ᠵᠠᠰᠠᠭ ᠤᠨ ᠤᠷᠳᠤᠨ ᠠᠴᠠ ᠶᠡᠭᠡ ᠬᠡᠰᠡᠭ ᠢ ᠨᠢ ᠨᠦᠬᠦᠪᠤᠷᠢᠯᠡᠵᠤ ᠦᠭᠬᠦ ᠪᠤᠯᠤᠨ᠎ᠠ︾ ᠭᠡᠵᠤ ᠶᠠᠷᠢᠨ᠎ᠠ᠃ ᠮᠠᠲ᠋ᠧᠷᠢᠶᠠᠯ ᠤᠨ ᠨᠦᠬᠦᠪᠤᠷᠢ ᠶᠢᠨ ᠪᠠᠷᠢᠮᠵᠢᠶ᠎ᠠ ᠪᠠᠷ ᠪᠤᠳᠠᠳᠠᠢ ᠬᠤᠳᠠᠯᠳᠤᠨ ᠠᠪᠬᠤ ᠨᠦᠬᠦᠪᠤᠷᠢ ᠶᠢ ᠦᠨᠳᠤᠰᠤᠯᠠᠨ᠂ ᠵᠠᠰᠠᠭ ᠤᠨ ᠤᠷᠳᠤᠨ ᠠᠴᠠ 70% ᠶᠢᠨ ᠪᠡᠯᠡ ᠤᠷᠤᠭᠤᠯᠵᠤ᠂ ᠡᠵᠡᠩᠨᠡᠯᠳᠠ ᠶᠢᠨ ᠭᠤᠤᠯ ᠴᠤᠭᠴᠠ ᠠᠴᠠ 30% ᠶᠢᠨ ᠬᠠᠷᠢᠴᠠᠯ ᠢ ᠦᠪᠠᠷ ᠢᠶᠠᠨ ᠪᠡᠯᠡᠳᠭᠡᠨ᠂ ᠡᠵᠡᠩᠨᠡᠭᠴᠢᠳ ᠨᠦᠬᠦᠪᠤᠷᠢ ᠶᠢ ᠡᠳ᠋ᠯᠡᠭᠰᠡᠨ ᠤ ᠲᠠᠷᠠᠭ᠎ᠠ᠂ ᠪᠤᠰᠤᠳ ᠡᠯ᠎ᠠ ᠲᠦᠷᠤᠯ ᠤᠨ ᠮᠠᠰᠢᠨ ᠬᠤᠳᠠᠯᠳᠤᠨ ᠠᠪᠬᠤ ᠨᠦᠬᠦᠪᠤᠷᠢ ᠶᠢ ᠲᠠᠬᠢᠨ ᠡᠳ᠋ᠯᠡᠵᠤ ᠪᠤᠯᠬᠤ ᠦᠭᠡᠢ᠃ ᠬᠦᠷᠠᠯ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠮᠠᠰᠢᠨ ᠮᠧᠬᠠᠨᠢᠭ ᠬᠤᠳᠠᠯᠳᠤᠨ ᠠᠪᠬᠤ ᠪᠠ ᠬᠡᠷᠡᠭᠯᠡᠯᠳᠠ ᠶᠢᠨ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠬᠦᠴᠤᠯᠡᠴᠠ ᠪᠠᠨ ᠨᠡᠮᠡᠭᠳᠡᠬᠦᠯᠤᠨ᠂ ᠲᠤᠰ ᠤᠳᠠᠭᠠᠨ ᠤ ᠲᠡᠯᠭᠡᠨ ᠪᠤᠷᠤᠯᠠᠭᠤᠯᠬᠤ ᠠᠵᠢᠯᠯᠠᠭ᠎ᠠ ᠪᠠᠷ ᠲᠠᠮᠵᠢᠨ ᠲᠡᠷᠢᠬᠦᠨ ᠤ ᠮᠠᠰᠢᠨ ᠮᠧᠬᠠᠨᠢᠭ ᠲᠦᠬᠦᠭᠡᠷᠤᠮᠵᠢ ᠶᠢ ᠲᠡᠯᠭᠡᠷᠡᠬᠦᠯᠬᠦ ᠪᠠ ᠬᠡᠷᠡᠭᠯᠡᠬᠦ ᠬᠦᠴᠤᠯᠡᠴᠠ ᠪᠠᠨ ᠨᠡᠮᠡᠭᠳᠡᠬᠦᠯᠵᠤ᠂ ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠭᠦᠯᠦᠨ ᠮᠠᠯ ᠮᠠᠯᠵᠢᠬᠤ ᠠᠰᠠᠭᠤᠳᠠᠯ ᠢ ᠪᠦᠳᠤᠮᠵᠢᠳᠠᠢ ᠠᠬᠢᠭᠤᠯᠬᠤ ᠪᠤᠯᠤᠨ᠎ᠠ᠃    
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号