ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/12
         ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠤᠨ ᠤᠰᠤ ᠶᠢ ᠬᠠᠶᠢᠷᠠᠯᠠᠬᠤ᠂ ᠤᠰᠤ ᠠᠷᠪᠢᠯᠠᠬᠤ᠂ ᠤᠰᠤ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠣ᠂ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠡᠬᠢ ᠪᠠᠶᠠᠯᠢᠭ ᠢ ᠬᠠᠶᠢᠷᠠᠯᠠᠨ ᠬᠠᠮᠠᠭᠠᠯᠠᠬᠤ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠨ᠂ ᠤᠯᠠᠨ ᠢ ᠡᠳᠦᠷ ᠳᠤᠳᠤᠮ ᠤᠨ ᠠᠮᠢᠳᠤᠷᠠᠯ ᠳᠤᠮᠳᠠ ᠤᠰᠤ ᠶᠢ ᠠᠷᠪᠢᠯᠠᠨ ᠬᠡᠷᠡᠭᠯᠡᠬᠦ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠪᠣᠬᠢᠷᠲᠤᠯ ᠦᠭᠡᠢ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ︽ᠬᠠᠤᠯᠢ ᠶᠣᠰᠣᠭᠠᠷ ᠤᠰᠤ ᠶᠢ ᠠᠷᠪᠢᠯᠠᠨ ᠪᠣᠬᠢᠷᠲᠤᠯ ᠦᠭᠡᠢ ᠠᠮᠢᠳᠤᠷᠠᠯ ᠢ ᠦᠢᠯᠡᠳᠦᠯᠭᠡᠵᠢᠭᠦᠯᠬᠦ︾ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠤᠰᠤ ᠶᠢ ᠠᠷᠪᠢᠯᠠᠬᠤ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠤᠰᠤ ᠠᠷᠪᠢᠯᠠᠬᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠢ᠃ ᠥᠷᠭᠡᠨ ᠤᠯᠠᠨ ᠰᠠᠭᠤᠭᠠᠯᠢ ᠠᠷᠠᠳ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠪᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠳᠠᠳᠬᠠᠯ ᠢ ᠢᠳᠡᠪᠬᠢᠲᠡᠶ ᠰᠠᠨᠠᠭᠠᠴᠢᠯᠠᠵᠤ᠂ ᠰᠠᠭᠤᠭᠠᠯᠢ ᠠᠷᠠᠳ ᠢ ᠤᠷᠢᠶᠠᠯᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠰᠤ ᠶᠢ ᠨᠠᠨᠳᠢᠩᠨᠠᠵᠤ᠂ ᠤᠰᠤ ᠶᠢ ᠠᠷᠪᠢᠯᠠᠵᠤ᠂ ᠤᠰᠤ ᠶᠢ ᠬᠠᠮᠠᠭᠠᠯᠠᠬᠤ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃ ᠤᠰᠤ ᠶᠢ ᠠᠷᠪᠢᠯᠠᠵᠤ ᠬᠡᠷᠡᠭᠯᠡᠬᠦ ᠨᠢ ᠤᠳᠤ ᠦᠶ᠎ᠡ ᠳᠤ ᠠᠰᠢᠭ ᠲᠠᠢ᠂ ᠥᠨᠢ ᠡᠭᠦᠷᠢᠳᠡ ᠭᠠᠪᠢᠶ᠎ᠠ ᠲᠠᠢ ᠶᠣᠮ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠤᠨ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠢ ᠱᠠᠯᠠᠪᠳᠡᠭᠤᠯᠣᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠳᠠᠳᠬᠠᠯ ᠲᠠᠢ ᠪᠣᠯᠭᠠᠭᠰᠠᠨ ᠢᠶᠠᠷ ᠪᠠᠷᠠᠬᠤ ᠥᠬᠡᠶ᠂ ᠤᠰᠤ ᠶᠢ ᠨᠠᠨᠳᠢᠩᠨᠠᠬᠤ᠂ ᠤᠰᠤ ᠶᠢ ᠬᠠᠶᠢᠷᠠᠯᠠᠬᠤ᠂ ᠤᠰᠤ ᠶᠢ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠤᠰᠤ ᠠᠷᠪᠢᠯᠠᠬᠤ᠂ ᠤᠰᠤ ᠬᠠᠮᠠᠭᠠᠯᠠᠬᠤ ᠤᠬᠠᠮᠰᠠᠷ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠶ᠃ ᠳᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠤᠯᠠᠨ ᠬᠡᠯᠪᠡᠷᠢ ᠶᠢᠨ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠰᠤ ᠶᠢ ᠠᠷᠪᠢᠯᠠᠵᠤ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠣᠨ᠂ ᠤᠰᠤ ᠶᠢ ᠠᠷᠪᠢᠯᠠᠵᠤ ᠤᠰᠤ ᠶᠢ ᠬᠠᠶᠢᠷᠡᠯᠡᠨ ᠬᠠᠮᠠᠭᠠᠯᠠᠬᠤ ᠤᠢᠢᠯᠠᠭᠠᠭᠳᠠᠬᠤᠨ ᠢ ᠤᠯᠠᠮᠵᠢᠯᠠᠵᠤ᠂ ᠬᠥᠮᠦᠨ ᠪᠦᠬᠦᠨ ᠤᠰᠤ ᠠᠷᠪᠢᠯᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃   
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号