ᠲᠦᠯᠢᠶᠡᠮᠤᠳᠤ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠳᠥᠷᠪᠡ ᠶᠢ ᠴᠠᠭᠠᠵᠠᠯᠠᠬᠤ︾ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ 6 ᠰᠠᠷ᠎ᠠ ᠶᠢᠨ 7 ᠤ ᠡᠳᠦᠷ᠂ ᠲᠦᠯᠢᠶᠡᠮᠤᠳᠤ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠥᠬᠡ ᠠᠴᠠ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠲᠣᠪᠴᠢᠶ᠎ᠠ ᠬᠤᠶᠠᠷ ᠭᠤᠣᠯ ᠬᠠᠷᠢᠭᠤᠴᠠᠯᠭᠠᠲᠠᠨ᠂ ᠭᠠᠴᠠᠭᠠᠨ ᠤ ᠱᠦᠵᠢ᠂ ᠭᠠᠴᠠᠭᠠᠨ ᠤ ᠣᠢ ᠬᠠᠮᠠᠭᠠᠯᠠᠭᠴᠢ ᠣᠷᠣᠯᠴᠠᠪᠠ᠃ ᠬᠤᠷᠠᠯ ᠠᠴᠠ᠂ ︽ᠳᠥᠷᠪᠡ ᠶᠢ ᠴᠠᠭᠠᠵᠠᠯᠠᠬᠤ︾ ᠠᠵᠢᠯ ᠢ ᠠᠬᠢᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ ᠴᠢᠬᠤᠯᠠ ᠠᠷᠭ᠎ᠠ ᠵᠠᠮ ᠮᠥᠨ᠂ ᠪᠠᠰᠠ ᠴᠤ ᠣᠳᠣ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠮᠥᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠴᠠᠭ᠎ᠠ ᠨᠡᠩ ᠥᠨᠳᠥᠷ ᠵᠣᠭᠰᠣᠴᠠ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠠᠬᠢᠭᠤᠯᠬᠤ ᠶᠠᠪᠤᠴᠠ ᠳᠠᠬᠢ ᠭᠤᠣᠯ ᠵᠥᠷᠢᠴᠡᠯ ᠪᠠ ᠵᠠᠩᠭᠢᠯᠠᠭ᠎ᠠ ᠶᠢᠨ ᠠᠰᠠᠭᠤᠳᠠᠯ ᠢ ᠠᠳᠬᠤᠵᠤ᠂ ︽ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠴᠠᠭᠠᠵᠠᠯᠠᠬᠤ ᠦᠭᠡᠢ᠂ ᠮᠠᠯ ᠤᠨᠤᠭ᠎ᠠ ᠶᠢ ᠬᠠᠰᠤᠭᠳᠠᠭᠤᠯᠬᠤ ᠦᠭᠡᠢ︾ ᠠᠵᠢᠯ ᠤᠨ ᠰᠡᠳᠬᠢᠮᠵᠢ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠨᠠᠷᠢᠯᠢᠬᠵᠢᠭᠤᠯᠵᠤ᠂ ᠠᠵᠢᠯᠲᠠᠨ ᠲᠣᠭᠲᠠᠭᠠᠬᠤ᠂ ᠣᠷᠣᠨ ᠪᠦᠰᠡ ᠲᠣᠭᠲᠠᠭᠠᠬᠤ᠂ ᠠᠷᠭ᠎ᠠ ᠬᠡᠮᠵᠢᠶ᠎ᠡ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ ᠶᠢ ᠪᠡᠶᠡᠯᠡᠭᠦᠯᠵᠦ᠂ ︽ᠳᠥᠷᠪᠡ ᠶᠢ ᠴᠠᠭᠠᠵᠠᠯᠠᠬᠤ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠲᠠᠰᠤᠷᠠᠯᠲᠠ ᠥᠬᠡᠶ ᠠᠬᠢᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠪᠠᠰᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠯᠭᠠᠨ ᠠᠪᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡᠲᠦ ᠬᠦᠷᠢᠶ᠎ᠡ ᠬᠡᠪᠴᠢᠶ᠎ᠡ︾ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号