ᠭᠤᠣᠯ ᠤᠨ ᠪᠠᠶᠢᠰᠢᠩ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
      6 ᠰᠠᠷ᠎ᠠ ᠶᠢᠨ 7 ᠤ ᠡᠳᠦᠷ᠂ ᠭᠤᠣᠯ ᠤᠨ ᠪᠠᠶᠢᠰᠢᠩ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠣᠳᠣᠬᠠᠨ ᠤ ᠪᠦᠬᠦ ᠪᠠᠯᠭᠠᠰᠤᠨ ᠤ ︽ᠳᠥᠷᠪᠡ ᠶᠢ ᠴᠠᠭᠠᠵᠠᠯᠠᠬᠤ︾ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠳᠠᠬᠢᠨ ᠴᠢᠬᠤᠯᠠᠴᠢᠯᠠᠵᠤ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠬᠤᠷᠠᠯ ᠠᠴᠠ᠂ ︽ᠳᠥᠷᠪᠡ ᠶᠢ ᠴᠠᠭᠠᠵᠠᠯᠠᠬᠤ︾ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠢ ᠮᠣᠳᠣ ᠣᠭᠲᠣᠯᠬᠤ᠂ ᠦᠨᠳᠦᠰᠦᠨ ᠲᠠᠷᠢᠶᠠᠨ ᠭᠠᠵᠠᠷ ᠢ ᠡᠵᠡᠯᠡᠬᠦ ᠵᠢᠴᠢ ᠲᠠᠷᠢᠶᠠᠨ ᠭᠠᠵᠠᠷ ᠢ ᠡᠵᠡᠯᠡᠬᠦ ᠠᠰᠠᠭᠤᠳᠠᠯ ᠢ ᠴᠢᠩᠭ᠎ᠠ ᠬᠤᠷᠢᠭᠯᠠᠵᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠪᠠᠶᠢᠭᠠᠯᠢ ᠶᠢᠨ ᠡᠬᠢ ᠪᠠᠶᠠᠯᠢᠭ ᠢ ᠰᠠᠬᠢᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠦᠴᠦᠯᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠪᠣᠳᠠᠲᠠᠶᠢᠵᠢᠭᠤᠯᠵᠤ᠂ ᠪᠠᠶᠢᠩᠭᠤ ᠶᠢᠨ ᠲᠣᠭᠤᠷᠢᠨ ᠪᠠᠶᠢᠴᠠᠭᠠᠵᠤ᠂ ᠱᠠᠩᠨᠠᠵᠤ ᠲᠣᠷᠭᠠᠬᠤ ᠶᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠡᠷᠬᠡᠪᠰᠢ ᠲᠤᠬᠠᠢ ᠶᠢᠨ ᠲᠠᠯᠠᠪᠤᠷ ᠲᠤᠨᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠥᠷᠭᠡᠨ ᠢᠶᠠᠷ ᠡᠷᠦᠬᠡ ᠳᠤ ᠣᠷᠣᠵᠤ ᠤᠬᠠᠭᠤᠯᠬᠤ ᠠᠵᠢᠯ ᠢ ᠥᠷᠨᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠤᠨ ᠲᠡᠩᠴᠡᠭᠦᠷᠢ ᠪᠠ ︽ᠳᠥᠷᠪᠡ ᠶᠢ ᠴᠠᠭᠠᠵᠠᠯᠠᠬᠤ︾ ᠠᠵᠢᠯ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠮᠠᠯ ᠠᠵᠤ ᠠᠬᠤᠢ ᠶᠢ ᠬᠥᠭᠵᠢᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号