ᠳᠥᠷᠥᠯᠵᠢ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
        6 ᠰᠠᠷ᠎ᠠ ᠶᠢᠨ 6 ᠤ ᠡᠳᠦᠷ᠂ ᠳᠥᠷᠥᠯᠵᠢ ᠪᠠᠯᠭᠠᠰᠤ ︽ᠳᠥᠷᠪᠡ ᠶᠢ ᠴᠠᠭᠠᠵᠠᠯᠠᠬᠤ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠹᠧᠩ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠥᠷᠲᠡᠭᠡ ᠶᠢᠨ ᠳᠠᠷᠤᠭ᠎ᠠ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ ᠣᠳᠣᠬᠠᠨ ᠤ ᠪᠦᠬᠦ ᠪᠠᠯᠭᠠᠰᠤᠨ ᠤ ︽ᠳᠥᠷᠪᠡ ᠶᠢ ᠴᠠᠭᠠᠵᠠᠯᠠᠬᠤ︾ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠵᠠᠳᠠᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠳᠠᠬᠢᠨ ᠲᠣᠬᠢᠷᠠᠭᠤᠯᠤᠯᠲᠠ ᠳᠠᠬᠢᠨ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ︽ᠳᠥᠷᠪᠡ ᠶᠢ ᠴᠠᠭᠠᠵᠠᠯᠠᠬᠤ︾ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠢ ᠮᠣᠳᠣ ᠣᠭᠲᠣᠯᠬᠤ᠂ ᠦᠨᠳᠦᠰᠦᠨ ᠲᠠᠷᠢᠶᠠᠨ ᠭᠠᠵᠠᠷ ᠵᠢᠴᠢ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠠᠰᠠᠭᠤᠳᠠᠯ ᠢ ᠴᠢᠩᠭ᠎ᠠ ᠬᠤᠷᠢᠭᠯᠠᠵᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠪᠠᠭ ᠤᠨ ᠭᠡᠰᠢᠭᠦᠨ ᠵᠢᠴᠢ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠡᠯ᠎ᠡ ᠭᠠᠴᠠᠭ᠎ᠠ ᠶᠢ ᠳᠠᠭᠠᠭᠤᠯᠤᠨ ︽ᠳᠥᠷᠪᠡ ᠶᠢ ᠴᠠᠭᠠᠵᠠᠯᠠᠬᠤ︾ ᠠᠵᠢᠯ ᠢ ᠦᠷᠭᠦᠯᠵᠢᠯᠡᠨ ᠴᠢᠩᠭ᠎ᠠ ᠭᠦᠨᠵᠡᠭᠡᠢ ᠦᠷᠭᠦᠯᠵᠢᠯᠡᠨ ᠠᠳᠬᠤᠵᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠡᠷᠴᠢᠮ ᠢᠶᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠡ ᠶᠢ ᠣᠯᠵᠤ ᠮᠡᠳᠡᠪᠡᠯ ᠨᠢᠭᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠤᠬᠠᠭᠤᠯᠭ᠎ᠠ ᠪᠠᠨ ᠴᠢᠩᠭᠠᠳᠬᠠᠵᠤ᠂ ᠦᠷᠭᠦᠯᠵᠢᠯᠡᠨ ᠠᠬᠢᠭᠤᠯᠬᠤ ᠬᠡᠷᠡᠭᠲᠡᠢ᠃ ᠡᠷᠦᠬᠡ ᠳᠤ ᠣᠷᠣᠵᠤ ᠤᠬᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠤᠨ ᠲᠡᠩᠴᠡᠭᠦᠷᠢ ᠪᠠ ︽ᠳᠥᠷᠪᠡ ᠶᠢ ᠴᠠᠭᠠᠵᠠᠯᠠᠬᠤ︾ ᠠᠵᠢᠯ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠮᠠᠯ ᠠᠵᠤ ᠠᠬᠤᠢ ᠶᠢ ᠬᠥᠭᠵᠢᠭᠦᠯᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号