| ᠥᠨᠥᠳᠦᠷ᠂ ᠠᠮᠢᠲᠤᠷᠠᠯ ᠤᠨ ᠠᠶᠢᠵᠠᠮ ᠲᠦᠷᠭᠡᠰᠴᠦ᠂ ᠠᠵᠢᠯ ᠤᠨ ᠲᠠᠷᠤᠭᠠᠰᠦ ᠨᠡᠮᠡᠭᠳᠡᠨ᠂ ︽ᠬᠡᠲᠦᠷᠡᠳᠡᠯ᠎ᠡ | ᠶᠠᠳᠠᠷᠠᠭᠠᠳ ᠮᠠᠷᠢᠶᠠᠯᠠᠬᠤ︾᠂ ︽ᠭᠡᠲᠦᠷᠡᠳᠡᠯ᠎ᠡ ᠶᠠᠲᠠᠷᠠᠭᠠᠳ ᠮᠠᠨᠠᠷᠠᠬᠤ︾ ᠵᠡᠷᠭᠡ ᠡᠷᠡᠭᠦᠯ ᠮᠡᠨᠳᠦ ᠶᠢᠨ ᠠᠰᠠᠭᠤᠳᠠᠯ | ᠴᠤ ᠶᠠᠪᠤᠬᠤ ᠲᠤᠲᠤᠮ ᠬᠦᠮᠦᠰ ᠤᠨ ᠠᠩᠬᠠᠷᠤᠯ ᠢ ᠲᠠᠲᠠᠵᠤ ᠪᠠᠶᠢᠨ᠎ᠠ᠃ ᠡᠳᠡᠭᠡᠷ ᠢ ᠬᠡᠯᠡᠵᠦ ᠪᠠᠶᠢᠭ᠎ᠠ ᠨᠢ ᠲᠠᠨ ᠢ | ᠠᠶᠤᠯᠭᠠᠬᠤ ᠶᠢᠨ ᠲᠥᠯᠥᠭᠡ ᠪᠢᠰᠢ᠂ ᠬᠠᠷᠢᠨ ᠡᠷᠡᠭᠦᠯ ᠮᠡᠨᠳᠦ ᠶᠢᠨ ᠠᠰᠠᠭᠤᠳᠠᠯ ᠳᠠᠭᠠᠨ ᠵᠥᠪ ᠢᠶᠠᠷ ᠬᠠᠨᠳᠤᠵᠤ᠂ | ᠪᠡᠶ᠎ᠡ ᠮᠠᠬᠠᠪᠣᠳ ᠬᠠᠪᠤ ᠦᠬᠡᠢ ᠪᠤᠯᠤᠭᠰᠠᠨ ᠤ ᠲᠠᠷᠠᠭᠠᠬᠢ ᠳᠣᠬᠢᠶ᠎ᠠ ᠶᠢ ᠡᠷᠳᠡᠭᠡᠨ ᠤᠯᠵᠦ ᠮᠡᠳᠡᠭᠡᠳ ᠬᠤᠷᠲᠤᠬᠠᠨ | ᠠᠷᠭ᠎ᠠ ᠬᠡᠮᠵᠢᠶ᠎ᠡ ᠠᠪᠬᠤ ᠶᠢ ᠰᠠᠨᠠᠭᠤᠯᠤᠶ᠎ᠠ ᠭᠡᠰᠡᠨ ᠶᠤᠮ᠃ ᠲᠡᠭᠡᠪᠡᠯ ᠳᠤᠤᠷᠠᠬᠢ ᠬᠡᠲᠦᠨ ᠰᠡᠷᠡᠮᠵᠢ ᠶᠢᠨ ᠳᠣᠬᠢᠶ᠎ᠠ ᠶᠢ | ᠲᠠ ᠤᠯᠵᠦ ᠮᠡᠳᠡᠭᠰᠡᠨ ᠤᠤ︖ ᠬᠡᠪᠡᠯᠢ ᠶᠢᠨ ᠬᠡᠰᠡᠭ ᠮᠠᠷᠢᠶᠠᠯᠠᠬᠤ᠄ 30 — 50 ᠨᠠᠰᠤᠨ ᠤ ᠬᠥᠮᠦᠨ ᠤ | ᠬᠡᠪᠡᠯᠢ ᠶᠢᠨ ᠬᠡᠰᠡᠭ ᠮᠠᠷᠢᠶᠠᠯᠠᠬᠤ ᠨᠢ ᠦᠷᠭᠦᠯᠵᠢ ᠴᠢᠰᠤᠨ ᠥᠭᠡᠬᠦ ᠥᠨᠳᠥᠷᠵᠢᠬᠦ᠂ ᠡᠯᠢᠭᠡ ᠥᠭᠡᠬᠦᠯᠡᠬᠦ᠂ ᠴᠢᠰᠤᠨ | ᠳᠠᠷᠤᠯᠲᠠ ᠥᠨᠳᠥᠷᠵᠢᠬᠦ ᠪᠠ ᠵᠢᠷᠦᠬᠡᠨ ᠲᠢᠲᠢᠮ ᠤᠨ ᠡᠪᠡᠳᠴᠢᠨ ᠵᠡᠷᠭᠡ ᠲᠠᠢ ᠬᠤᠯᠪᠤᠭ᠎ᠠ ᠲᠠᠢ ᠪᠠᠶᠢᠲᠠᠭ᠃ | ᠡᠭᠦᠨ ᠠᠴᠠ ᠭᠠᠳᠠᠨ᠎ᠠ᠂ ᠭᠡᠳᠡᠰᠦ ᠪᠦᠲᠦᠬᠦᠷᠡᠬᠦ ᠨᠢ ᠪᠠᠰᠠ ᠴᠢᠰᠤᠨ ᠰᠢᠬᠢᠷ ᠬᠡᠪ ᠤᠨ ᠪᠤᠰᠤ᠂ ᠲᠠᠮᠠᠬᠢ ᠲᠠᠲᠠᠬᠤ | ᠵᠡᠷᠭᠡ ᠰᠢᠯᠲᠠᠭᠠᠨ ᠪᠠ ᠢᠳᠡᠭᠡᠨ ᠤᠮᠳᠠᠭᠠᠨ ᠤ ᠮᠠᠭᠤ ᠳᠠᠳᠬᠠᠯ ᠠᠴᠠ ᠪᠣᠯᠤᠬᠰᠠᠨ ᠪᠠᠶᠢᠵᠦ ᠮᠡᠳᠡᠨ᠎ᠡ᠃ ᠬᠡᠵᠢᠬᠡ | ᠤᠨᠠᠬᠤ᠄ ᠠᠵᠢᠯ ᠤᠨ ᠳᠠᠷᠤᠭᠠᠰᠤ ᠨᠡᠮᠡᠭᠳᠡᠬᠦ ᠪᠠ ᠣᠶᠤᠨ ᠰᠠᠨᠠᠭᠠᠨ ᠤ ᠪᠠᠴᠢᠮᠳᠠᠯ ᠠᠴᠠ ᠪᠤᠯᠵᠦ ᠬᠡᠵᠢᠭᠡ ᠤᠨᠠᠲᠠᠭ᠃ | ᠡᠬᠦᠨ ᠠᠴᠠ ᠭᠠᠲᠠᠨ᠎ᠠ ᠪᠠᠰᠠ ᠨᠦᠢᠷ ᠬᠤᠯᠵᠢᠬᠤ ᠡᠰᠡᠬᠦᠯ᠎ᠡ ᠬᠡᠲᠦ ᠤᠷᠤᠢ ᠤᠨᠲᠠᠬᠤ ᠵᠡᠷᠭᠡ ᠨᠢ ᠠᠷᠠᠰᠤᠨ ᠤ | ᠥᠭᠡᠬᠦ ᠶᠢᠨ ᠱᠦᠭᠦᠷᠡᠯᠲᠡ ᠶᠢ ᠨᠡᠮᠡᠭᠳᠡᠭᠦᠯᠵᠦ᠂ ᠥᠭᠡᠬᠦ ᠨᠡᠪᠴᠢᠬᠦ ᠴᠢᠨᠠᠷᠲᠠᠢ ᠦᠰᠦ ᠤᠨᠠᠬᠤ ᠪᠠᠶᠢᠲᠠᠯ ᠢ ᠡᠬᠦᠰᠭᠡᠳᠡᠭ | ᠃ ᠪᠠᠰᠠ ᠵᠠᠷᠢᠮ ᠦᠷᠭᠦᠯᠵᠢ ᠲᠣᠬᠢᠶᠠᠯᠳᠤᠳᠠᠭ ᠳᠣᠲᠣᠷ ᠰᠠᠯᠠᠭᠠᠨ ᠤ ᠡᠪᠡᠳᠴᠢᠨ᠂ ᠵᠢᠱᠢᠶᠡᠯᠡᠪᠡᠯ ᠡᠯᠢᠭᠡ ᠪᠥᠭᠡᠷᠡᠨ ᠤ | ᠠᠵᠢᠯᠯᠠᠭ᠎ᠠ ᠶᠢᠨ ᠭᠡᠮᠲᠦᠯ ᠵᠢᠴᠢ ᠪᠠᠮᠪᠠᠢ ᠪᠤᠯᠴᠢᠷᠬᠠᠶ᠂ ᠳᠣᠲᠣᠭᠠᠳᠤ ᠱᠦᠭᠦᠷᠡᠯ ᠵᠡᠷᠭᠡ ᠠᠵᠢᠯᠯᠠᠭ᠎ᠠ ᠶᠢᠨ | ᠰᠠᠮᠠᠭᠤᠷᠠᠯ ᠠᠴᠠ ᠪᠣᠯᠵᠤ ᠬᠡᠵᠢᠬᠡ ᠤᠨᠠᠲᠠᠭ ᠪᠠᠶᠢᠨ᠎ᠠ᠃ ᠰᠢᠬᠡᠰᠦ ᠠᠯᠲᠠᠬᠤ᠄ 30 — 40 ᠨᠠᠰᠤᠨ ᠤ | ᠬᠤᠭᠤᠷᠣᠨᠳᠣᠬᠢ ᠬᠥᠮᠦᠨ ᠪᠠᠶᠢᠨ ᠳᠠᠬᠢᠨ ᠵᠣᠷᠯᠣᠩ ᠳᠤ ᠤᠷᠤᠵᠦ᠂ ᠵᠤᠷᠯᠤᠩ ᠳᠤ ᠤᠷᠤᠬᠤ ᠲᠤᠭ᠎ᠠ ᠨᠢ ᠡᠩ ᠤᠨ | ᠬᠥᠮᠦᠨ ᠠᠴᠠ ᠢᠯᠡᠬᠦᠦ ᠪᠠᠶᠢᠬᠤ ᠨᠢ ᠡᠷᠡᠬᠦᠯ ᠮᠠᠨᠲᠦ ᠶᠢᠨ ᠠᠰᠠᠭᠤᠲᠠᠯ ᠤᠷᠤᠰᠢᠵᠦ ᠪᠠᠶᠢᠭ᠎ᠠ ᠶᠢ ᠨᠢᠬᠡ ᠲᠠᠯ᠎ᠠ ᠠᠴᠠ | ᠬᠠᠷᠠᠭᠤᠯᠵᠦ ᠪᠠᠶᠢᠲᠠᠭ᠃ ᠤᠰᠤ ᠠᠷᠪᠢᠨ ᠤᠤᠭᠤᠬᠤ᠂ ᠦᠷᠪᠢᠰᠦᠯ ᠵᠡᠷᠭᠡ ᠬᠦᠴᠦᠨ ᠵᠦᠢᠯ ᠠᠴᠠ ᠭᠠᠳᠠᠨ᠎ᠠ᠂ | ᠣᠶᠤᠨ ᠰᠠᠨᠠᠭᠠᠨ ᠤ ᠳᠠᠷᠤᠯᠲᠠ ᠨᠢ ᠮᠥᠨ ᠴᠦ ᠪᠠᠶᠢᠨ ᠲᠠᠬᠢᠨ ᠰᠢᠬᠡᠬᠦ ᠶᠢᠨ ᠨᠢᠬᠡᠨ ᠰᠢᠯᠲᠠᠭᠠᠨ ᠪᠣᠯᠤᠨ᠎ᠠ᠂ ᠪᠠᠰᠠ | ᠪᠦᠬᠡᠷ᠎ᠠ ᠶᠢᠨ ᠴᠢᠯᠠᠭᠤᠵᠢᠮᠠᠯ ᠪᠤᠶᠤ ᠰᠢᠭᠡᠰᠦ ᠢᠯᠭᠠᠷᠠᠭᠤᠯᠬᠤ ᠰᠢᠰᠲ᠋ᠧᠮ ᠤᠨ ᠡᠪᠡᠳᠴᠢᠨ ᠠᠴᠠ ᠪᠤᠯᠤᠬᠰᠠᠨ ᠪᠠᠶᠢᠵᠦ | ᠮᠡᠳᠡᠨ᠎ᠡ᠃ ᠴᠡᠭᠡᠵᠢᠯᠡᠬᠦ ᠴᠢᠳᠠᠪᠤᠷᠢ ᠮᠠᠭᠤᠳᠠᠬᠤ᠄ ᠵᠣᠪᠠᠵᠦ ᠪᠤᠬᠢᠨᠢᠳᠤᠬᠤ᠂ ᠨᠦᠢᠷ ᠬᠤᠯᠵᠢᠵᠤ ᠰᠥᠨᠢᠵᠢᠨ ᠰᠠᠭᠤᠬᠤ | ᠪᠠ ᠲᠠᠷᠢᠬᠢ ᠪᠠᠨ ᠬᠡᠲᠦᠷᠡᠲᠡᠯ᠎ᠡ ᠭᠡᠷᠡᠭᠯᠡᠬᠦ ᠵᠡᠷᠭᠡ ᠨᠢ ᠪᠦᠷ ᠴᠡᠭᠡᠵᠢᠯᠡᠬᠦ ᠴᠢᠳᠠᠪᠤᠷᠢ ᠶᠢ ᠲᠤᠷᠦ᠋ᠢᠲᠠᠭᠤᠯᠲᠠᠭ᠃ | ᠡᠬᠦᠨ ᠠᠴᠠ ᠭᠠᠲᠠᠨ᠎ᠠ᠂ ᠪᠡᠶ᠎ᠡ ᠶᠠᠳᠠᠷᠠᠬᠤ ᠶᠢ ᠲᠠᠭᠠᠯᠲᠤᠨ ᠭᠠᠳᠠᠭᠠᠳᠤ ᠶᠢᠷᠳᠢᠨᠴᠤ ᠶᠢᠨ ᠬᠡᠷᠡᠭ ᠪᠣᠳᠠᠰ ᠢ | ᠰᠡᠷᠭᠡᠭ ᠢᠶᠠᠷ ᠲᠠᠨᠢᠬᠤ ᠬᠡᠮᠵᠢᠶ᠎ᠡ ᠨᠢ ᠪᠠᠭᠤᠷᠠᠵᠤ᠂ ᠴᠡᠭᠡᠵᠢᠯᠡᠬᠦ ᠴᠢᠳᠠᠪᠤᠷᠢ ᠴᠤ ᠮᠠᠭᠤᠲᠠᠲᠠᠭ᠃ ᠴᠡᠭᠡᠵᠢ ᠪᠠᠷ | ᠪᠤᠲᠤᠬᠤ ᠴᠢᠲᠠᠪᠦᠷᠢ ᠲᠤᠷᠦ᠋ᠢᠲᠠᠬᠤ᠄ ᠴᠡᠭᠡᠵᠢᠯᠡᠬᠦ ᠴᠢᠳᠠᠪᠤᠷᠢ ᠪᠠᠭᠤᠷᠠᠬᠤ ᠲᠠᠢ ᠠᠳᠠᠯᠢ ᠪᠠᠷ᠂ ᠴᠡᠭᠡᠵᠢ ᠪᠠᠷ ᠪᠤᠳᠤᠬᠤ | ᠴᠢᠳᠠᠪᠤᠷᠢ ᠶᠢᠨ ᠮᠠᠭᠤᠳᠠᠬᠤ ᠨᠢ ᠴᠦ ᠰᠥᠨᠢᠵᠢᠨ ᠰᠠᠭᠤᠬᠤ᠂ ᠨᠦᠢᠷ ᠬᠤᠯᠵᠢᠬᠤ ᠵᠡᠷᠭᠡ ᠲᠠᠢ ᠬᠤᠯᠪᠣᠭ᠎ᠠ ᠲᠠᠢ | ᠪᠠᠶᠢᠳᠠᠭ᠃ ᠠᠭᠤᠷᠯᠠᠵᠦ ᠲᠤᠭᠰᠢᠷᠠᠬᠤ᠄ ᠡᠨᠡ ᠨᠢ ᠠᠵᠢᠯ ᠤᠨ ᠲᠠᠷᠤᠭᠠᠰᠦ᠂ ᠠᠮᠢᠲᠤᠷᠠᠯ ᠤᠨ ᠨᠤᠬᠤᠴᠠᠭᠠᠨ ᠠᠴᠠ | ᠪᠤᠯᠤᠬᠰᠠᠨ ᠪᠠᠶᠢᠵᠦ ᠮᠡᠳᠡᠨ᠎ᠡ᠃ ᠡᠳᠡᠭᠡᠷ ᠢᠯᠡᠷᠡᠯ ᠭᠠᠷᠪᠠᠯ ᠴᠠᠭ ᠲᠤᠬᠠᠶ ᠳᠤᠨᠢ ᠥᠪᠡᠷ ᠤᠨ ᠰᠡᠳᠭᠢᠴᠡ ᠪᠠ | ᠠᠵᠢᠯᠯᠠᠵᠤ ᠠᠮᠠᠷᠠᠬᠤ ᠴᠠᠭ ᠢᠶᠠᠨ ᠲᠣᠬᠢᠷᠠᠭᠤᠯᠵᠦ᠂ ᠰᠡᠳᠭᠢᠯ ᠰᠠᠨᠠᠭ᠎ᠠ ᠪᠠᠨ ᠲᠠᠶᠢᠪᠤᠰᠢᠷᠠᠭᠤᠯᠵᠦ᠂ ᠲᠤᠭᠤᠰᠢᠲᠠᠢ | ᠠᠮᠠᠷᠠᠵᠦ ᠪᠤᠯᠤᠨ᠎ᠠ᠃ ᠠᠩᠬᠠᠷᠤᠯ ᠲᠥᠪᠯᠡᠷᠡᠭᠦ ᠦᠬᠡᠢ᠄ ᠡᠨᠡ ᠨᠢ ᠨᠦᠢᠷ ᠮᠠᠭᠤ ᠠᠴᠠ ᠪᠤᠯᠤᠬᠰᠠᠨ ᠠᠴᠠ ᠭᠠᠳᠠᠨ᠎ᠠ | ᠤᠶᠤᠨ ᠰᠠᠨᠠᠭᠠᠨ ᠤ ᠭᠠᠨᠭ᠍ᠰᠠᠷᠠᠯ ᠲᠠᠢ ᠬᠠᠮᠢᠶ᠎ᠠ ᠲᠠᠢ ᠪᠠᠶᠢᠵᠦ ᠮᠡᠳᠡᠨ᠎ᠡ᠃ ᠰᠡᠳᠭᠢᠯ ᠤᠨ ᠳᠠᠷᠤᠯᠲᠠ ᠶᠡᠭᠡ ᠪᠤᠯ ᠪᠡᠶ᠎ᠡ | ᠴᠦ ᠲᠠᠭᠠᠨ ᠮᠠᠭᠤᠲᠠᠵᠦ᠂ ᠤᠷᠮ᠎ᠠ ᠰᠡᠳᠭᠢᠯᠭᠡ ᠶᠢ ᠨᠥᠯᠥᠭᠡᠯᠡᠬᠦ ᠪᠠᠷ ᠪᠠᠷᠠᠬᠤ ᠥᠬᠡᠶ ᠬᠥᠮᠦᠰ ᠤᠨ ᠲᠠᠨᠢᠨ | ᠮᠡᠳᠡᠬᠦᠶ ᠶᠢ ᠴᠦ ᠨᠥᠯᠥᠭᠡᠯᠡᠳᠡᠭ᠃ ᠡᠶᠢᠮᠦ ᠠᠴᠠ ᠡᠩ ᠤᠨ ᠠᠮᠢᠲᠤᠷᠠᠯ ᠳᠠᠭᠠᠨ ᠲᠠᠷᠤᠭᠠᠰᠦ ᠪᠠᠨ ᠬᠦᠡᠭᠭᠡᠯᠡᠵᠦ | ᠰᠡᠳᠭᠢᠯ ᠢᠶᠠᠨ ᠠᠷᠭᠠᠲᠠᠵᠦ ᠰᠤᠷᠬᠤ ᠨᠢ ᠴᠢᠬᠤᠯᠠ᠃ ᠨᠦᠢᠷ ᠮᠠᠭᠤᠳᠠᠬᠤ᠄ ᠤᠨᠲᠠᠬᠤ ᠴᠠᠭ ᠤᠯᠠᠮ ᠠᠴᠠ ᠤᠯᠠᠮ | ᠣᠬᠤᠷ ᠪᠣᠯᠵᠤ᠂ ᠰᠦᠨᠢ ᠳᠡᠭᠡᠨ ᠤᠨᠲᠠᠬᠤ ᠦᠬᠡᠢ᠂ ᠡᠲᠦᠷ ᠲᠡᠭᠡᠨ ᠴᠤᠭ ᠰᠦᠯᠳᠡ ᠦᠬᠡᠢ᠃ ᠡᠳᠡᠭᠡᠷ ᠨᠢ ᠪᠦᠷ | ᠣᠶᠤᠨ ᠰᠠᠨᠠᠭᠠᠨ ᠤ ᠰᠠᠮᠠᠭᠤᠷᠠᠯ ᠠᠴᠠ ᠪᠣᠯᠵᠠᠶ᠃ ᠣᠶᠤᠨ ᠰᠠᠨᠠᠭᠠᠨ ᠤ ᠳᠠᠷᠤᠯᠲᠠ ᠶᠡᠭᠡ᠂ ᠰᠠᠨᠲᠤᠷᠤᠯ | ᠪᠠᠴᠢᠮᠳᠠᠯ ᠠᠴᠠ ᠪᠣᠯᠵᠤ ᠤᠨᠲᠠᠯᠭ᠎ᠠ ᠶᠢᠨ ᠶᠠᠰᠦ ᠴᠢᠨᠠᠷ ᠳᠣᠷᠣᠭᠰᠢᠯᠠᠨ᠎ᠠ᠃ ᠤᠨᠲᠠᠬᠤ ᠠᠴᠠ ᠪᠠᠨ ᠡᠮᠦᠨ᠎ᠡ ᠬᠥᠭᠵᠢᠮ | ᠰᠣᠨᠣᠰᠴᠤ᠂ ᠰᠡᠳᠭᠢᠯ ᠰᠠᠨᠠᠭ᠎ᠠ ᠪᠠᠨ ᠲᠠᠶᠢᠪᠤᠰᠢᠷᠠᠭᠤᠯᠵᠤ᠂ ᠪᠠᠰᠠ ᠬᠠᠯᠠᠭᠤᠨ ᠤᠰᠤ ᠪᠠᠷ ᠬᠦᠯ ᠢᠶᠠᠨ ᠲᠡᠪᠳᠦᠭᠡᠭᠦ | ᠪᠤᠶᠤ ᠨᠢᠭᠡ ᠴᠣᠮᠣ ᠬᠠᠯᠠᠭᠤᠨ ᠰᠦ ᠤᠤᠭᠤᠵᠤ ᠪᠣᠯᠤᠨ᠎ᠠ᠂ ᠡᠨᠡ ᠨᠢ ᠪᠦᠷ ᠤᠨᠲᠠᠯᠭ᠎ᠠ ᠳᠤ ᠬᠠᠪᠰᠤᠷᠤᠮᠵᠢ ᠪᠣᠯᠳᠠᠭ᠃ | ᠲᠣᠯᠣᠭᠠᠢ ᠡᠪᠡᠳᠴᠦ ᠴᠢᠬᠢ ᠱᠤᠤᠭᠢᠬᠤ᠄ ᠦᠷᠭᠦᠯᠵᠢ ᠶᠢᠨ ᠴᠢᠨᠠᠷᠲᠠᠢ ᠲᠣᠯᠣᠭᠠᠢ ᠡᠪᠡᠳᠬᠦ᠂ ᠴᠢᠬᠢ ᠱᠤᠤᠭᠢᠬᠤ ᠨᠢ | ᠶᠡᠷᠦ ᠳᠡᠭᠡᠨ ᠪᠦᠷ ᠮᠡᠳᠡᠷᠡᠯ ᠤᠨ ᠴᠢᠨᠠᠷᠲᠠᠢ ᠪᠠᠶᠢᠲᠠᠭ᠃ ᠤᠷᠲᠤ ᠬᠤᠭᠤᠴᠠᠭᠠᠨ ᠤ ᠶᠠᠳᠠᠷᠠᠯ ᠵᠦᠳᠡᠷᠡᠯ᠂ ᠣᠶᠤᠨ | ᠰᠠᠨᠠᠭᠠᠨ ᠤ ᠳᠠᠷᠤᠯᠲᠠ ᠶᠡᠭᠡ᠂ ᠤᠨᠲᠠᠬᠤ ᠴᠠᠭ ᠬᠦᠷᠦᠯᠴᠡᠬᠦ ᠦᠭᠡᠢ᠂ ᠨᠦᠢᠷ ᠮᠠᠭᠤᠳᠠᠬᠤ ᠵᠡᠷᠭᠡ ᠰᠢᠯᠲᠠᠭᠠᠨ ᠠᠴᠠ | ᠪᠤᠯᠤᠬᠰᠠᠨ ᠪᠠᠶᠢᠲᠠᠭ ᠶᠤᠮ᠃ ᠶᠡᠷᠦᠩᠬᠡᠢ ᠳᠤᠨᠢ ᠠᠪᠴᠤ ᠬᠡᠯᠡᠪᠡᠯ᠂ ᠬᠡᠪ ᠤᠨ ᠶᠣᠰᠣᠭᠠᠷ ᠠᠵᠢᠯᠯᠠᠵᠤ ᠠᠮᠠᠷᠠᠨ᠂ | ᠢᠳᠡᠭᠡᠨ ᠤᠮᠲᠠᠭᠠᠨ ᠢᠶᠠᠨ ᠰᠠᠶᠢᠲᠦᠷ ᠲᠤᠬᠢᠷᠠᠭᠤᠯᠵᠦ᠂ ᠰᠡᠳᠭᠢᠯ ᠰᠠᠨᠠᠭ᠎ᠠ ᠪᠠᠨ ᠪᠠᠶᠠᠰᠬᠠᠵᠦ᠂ ᠬᠠᠨᠲᠠᠯ᠎ᠠ | ᠤᠨᠲᠠᠬᠤ ᠶᠢ ᠪᠠᠲᠤᠯᠠᠪᠠᠯ ᠲᠡᠭᠡᠷ᠎ᠡ ᠶᠠᠷᠢᠬᠰᠠᠨ ᠡᠳᠡᠭᠡᠷ ᠢᠯᠡᠷᠡᠯ ᠠᠭᠠᠵᠢᠮ ᠳᠠᠭᠠᠨ ᠠᠷᠢᠯᠬᠤ ᠪᠤᠯᠤᠨ᠎ᠠ᠃ ︵︽ | ᠲᠤᠮᠳᠡᠳᠥ ᠤᠯᠤᠰ ᠤᠨ ᠮᠤᠩᠭᠤᠯ ᠬᠡᠯᠠᠨ ᠤ ᠰᠤᠨᠢᠨ ᠮᠠᠳᠡᠭᠡ ᠶᠢᠨ ᠰᠥᠯᠵᠢᠶ᠎ᠠ︾ ᠠᠴᠠ︶ | | |