ᠵᠠᠩ ᠰᠢᠶᠤᠤ ᠪᠢᠩ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/17
     6 ᠳ᠋ᠤᠭᠠᠷ ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠤᠯᠠᠭᠠᠨᠬᠤᠲᠠ ᠳᠤ ᠬᠦᠷᠴᠦ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠵᠠᠩ ᠰᠢᠶᠤᠤ ᠪᠢᠩ‌‍ᠬᠡᠯᠡᠬᠦ ᠳᠡᠭᠡᠨ᠂ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠪᠣᠯ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠬᠢᠭᠤᠯᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂  ᠦᠢᠯᠡᠴᠢᠯᠡᠭᠡᠨ ᠤ ᠰᠢᠰᠲ᠋ᠧᠮ ᠢ ᠳᠠᠬᠢᠨ ᠪᠠᠶᠢᠭᠤᠯᠬᠤ ᠴᠢᠬᠤᠯᠠ ᠶᠡᠭᠡ ᠥᠭᠡᠷᠡᠴᠢᠯᠡᠯᠲᠡ ᠮᠥᠨ᠃ ᠪᠥᠬᠦ ᠠᠶᠢᠮᠠᠭ ᠤᠨ ᠡᠯ᠎ᠡ ᠱᠠᠲᠤᠨ ᠤ ᠬᠢᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠡᠪᠡᠳᠴᠢᠨ ᠢ ᠪᠠᠭᠠᠰᠬᠠᠨ  ᠰᠦᠢᠳᠭᠡᠯ ᠢ ᠪᠠᠭᠤᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠬᠦᠯᠵᠦ᠂ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠰᠡᠷᠭᠡᠶᠢᠯᠡᠨ ᠵᠠᠰᠠᠬᠤ ᠶᠢ ᠠᠭᠤᠰᠤᠯᠴᠠᠭᠤᠯᠬᠤ᠂ ᠲᠦᠷᠭᠡᠨ ᠤᠳᠠᠭᠠᠨ ᠰᠠᠯᠭᠠᠨ ᠵᠠᠰᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠰᠢᠭᠯᠠᠨ ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠭᠠᠳᠠᠨ᠎ᠠ ᠠᠴᠠ ᠣᠷᠣᠭᠤᠯᠵᠤ ᠳᠣᠲᠣᠭᠠᠳᠤ ᠳᠠᠭᠠᠨ ᠬᠤᠯᠪᠣᠵᠤ᠂ ᠣᠷᠣᠨ ᠤ ᠭᠠᠳᠠᠨᠠᠬᠢ ᠨᠠᠷᠠᠲᠤ ᠡᠮᠨᠡᠯᠭᠡ ᠶᠢᠨ ᠬᠤᠷᠢᠶ᠎ᠠ᠂ ᠲᠤᠰᠬᠠᠶ ᠮᠡᠷᠭᠡᠵᠢᠯᠲᠡᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠲᠤᠰᠬᠠᠶ ᠰᠠᠯᠠᠭ᠎ᠠ ᠪᠠᠷ ᠬᠤᠯᠪᠣᠭᠠᠯᠠᠬᠤ᠂ ᠠᠯᠤᠰ ᠵᠠᠶ ᠶᠢᠨ ᠡᠮᠴᠢᠯᠡᠭᠡ ᠵᠡᠷᠭᠡ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ᠂ ᠠᠶᠢᠮᠠᠭ ᠤᠨ ᠳᠣᠲᠣᠭᠠᠳᠤ ᠶᠢᠨ ᠪᠦᠬᠦᠯᠢ ᠴᠣᠭᠴᠠ ᠶᠢᠨ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠲᠤᠰᠬᠠᠶ ᠰᠠᠯᠠᠭ᠎ᠠ ᠶᠢᠨ ᠴᠢᠳᠠᠪᠤᠷᠢ ᠪᠠ ᠬᠦᠴᠢᠷ ᠲᠦᠪᠡᠭᠲᠡᠶ ᠬᠦᠨᠳᠦ ᠡᠪᠡᠳᠴᠢᠨ ᠢ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠰᠢᠶᠠᠨ ᠢᠶᠠᠷ ᠰᠢᠶᠠᠩ ᠢ ᠳᠠᠶᠢᠴᠢᠯᠠᠬᠤ᠂ ᠰᠢᠶᠠᠩ ᠢᠶᠠᠷ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠨ᠂ ᠬᠡᠷ ᠪᠦᠯᠢ ᠶᠢᠨ ᠡᠮᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠬᠢᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠳᠬᠠᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ  ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠵᠤ᠂ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠪᠠ ᠠᠵᠢᠯᠯᠠᠭᠠᠨ ᠤ ᠵᠠᠳᠠᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠵᠣᠭᠤᠰ᠂ ᠠᠮᠢ ᠠᠪᠤᠷᠠᠬᠤ ᠵᠣᠭᠤᠰ ᠢ ᠦᠨᠡᠨᠬᠦ ᠰᠠᠶᠢᠲᠤᠷ ᠰᠠᠬᠢᠨ ᠬᠠᠮᠠᠭᠠᠯᠠᠵᠤ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠢ᠂ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠥᠭᠡᠷᠡᠴᠢᠯᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠤᠨ  ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠷᠠᠭᠤᠯᠵᠤ᠂ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠦ᠂ ᠡᠯ᠎ᠡ  ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠥᠯᠭᠢᠨ ᠠᠬᠢᠭᠤᠯᠬᠤ ᠬᠡᠷᠡᠭᠲᠡᠶ ᠭᠡᠪᠡ ᠃    ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ᠂ ᠰᠦᠨ ᠳ᠋ᠧ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号