ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
     6 ᠳ᠋ᠤᠭᠠᠷ ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠮᠠᠨ ᠤ ᠠᠶᠢᠮᠠᠭ ᠤᠨ ᠪᠥᠬᠦ ᠣᠷᠣᠨ ᠤ ︽ᠲᠠᠪᠤᠨ ᠶᠡᠭᠡ ᠡᠭᠦᠷᠭᠡ︾ ᠶᠢ ᠳᠥᠯᠭᠢᠨ ᠠᠬᠢᠭᠤᠯᠬᠤ ᠳᠤᠮᠳᠠᠬᠢ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠵᠦ᠂ ᠲᠥᠰᠦᠯ ᠤᠨ ᠨᠠᠷᠢᠨ ᠲᠠᠩᠰᠠ ᠲᠠᠢ ᠬᠠᠷᠢᠴᠠᠭᠤᠯᠤᠨ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠴᠠᠭ ᠬᠤᠭᠤᠴᠠᠭ᠎ᠠ ᠨᠢ ᠬᠠᠭᠠᠰ ᠠᠴᠠ ᠬᠡᠲᠦᠷᠡᠬᠦ᠂ ᠡᠭᠦᠷᠭᠡ ᠨᠢ ᠬᠠᠭᠠᠰ ᠠᠴᠠ ᠬᠡᠲᠦᠷᠡᠬᠦ ᠶᠢ ᠦᠨᠡᠨᠬᠦ ᠪᠠᠲᠤᠯᠠᠵᠤ᠂ ᠣᠨ ᠤ ᠬᠠᠷᠠᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠡᠷᠬᠡ ᠪᠣᠭᠤᠮᠲᠠ ᠶᠢ ᠰᠢᠪᠲᠤᠯᠵᠤ᠂ ᠪᠦᠬᠦ ᠬᠦᠴᠦᠨ ᠢᠶᠠᠷ ᠢᠶᠠᠨ ᠠᠬᠢᠴᠠ ᠶᠢ ᠠᠳᠬᠤᠵᠤ᠂ ᠦᠷ᠎ᠡ ᠪᠦᠲᠦᠭᠡᠯ ᠢ ᠠᠳᠬᠤᠵᠤ᠂ ᠤᠬᠠᠭᠤᠯᠭ᠎ᠠ ᠶᠢ ᠠᠳᠬᠤᠵᠤ᠂ ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠠᠷᠭ᠎ᠠ ᠲᠠᠢ᠂ ᠠᠷᠭᠠᠴᠠᠬᠤ ᠳᠤ ᠪᠦᠲᠦᠮᠵᠢᠲᠡᠢ ᠪᠠᠶᠢᠬᠤ ᠶᠢ ᠦᠨᠡᠨᠬᠦ ᠪᠡᠶᠡᠯᠡᠭᠦᠯᠵᠦ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ  ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号