ᠵᠠᠩ ᠰᠢᠶᠤᠤ ᠪᠢᠩ ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠠᠭᠠᠨᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/17
      6 ᠳ᠋ᠤᠭᠠᠷ ᠰᠠᠷ᠎ᠠ ᠶᠢᠨ 7 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠠᠭᠠᠨᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠺᠠᠳ᠋ᠷ ᠠᠵᠢᠯᠲᠠᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠵᠠᠩ ᠰᠢᠶᠤᠤ ᠪᠢᠩ ᠬᠡᠯᠡᠬᠦ ᠳᠡᠭᠡᠨ᠂ ᠭᠠᠶᠢᠯᠢ ᠲᠠᠲᠠᠪᠤᠷᠢ ᠶᠢᠨ ᠠᠵᠢᠯ ᠨᠢ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠪᠥᠬᠦ ᠠᠶᠢᠮᠠᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠵᠢᠴᠢ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ ︾ ᠵᠡᠷᠭᠡ ᠭᠤᠤᠯ ᠠᠵᠢᠯ ᠢ ᠳᠥᠯᠭᠢᠨ ᠠᠬᠢᠭᠤᠯᠵᠤ᠂ ᠤᠯᠤᠰ ᠤᠨ ᠲᠥᠯᠥᠭᠡ ᠡᠳ᠋ ᠮᠥᠩᠭᠦ ᠬᠤᠷᠠᠮᠳᠤᠭᠤᠯᠬᠤ᠂ ᠠᠷᠠᠳ ᠤᠨ ᠲᠥᠯᠥᠭᠡ ᠭᠠᠶᠢᠯᠢ ᠬᠤᠷᠢᠶᠠᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ  ᠭᠦᠢᠴᠡᠳᠭᠡᠵᠦ ᠂ ᠭᠠᠶᠢᠯᠢ ᠲᠠᠲᠠᠪᠤᠷᠢ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ  ᠦᠢᠯᠡᠴᠢᠯᠡᠬᠦ ᠬᠡᠷᠡᠭᠲᠡᠶ᠃ ᠣᠷᠣᠯᠭ᠎ᠠ ᠶᠢ ᠵᠣᠬᠢᠶᠠᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ  ᠵᠦᠢᠯ ᠢ ᠴᠢᠩᠭ᠎ᠠ ᠠᠩᠬᠠᠷᠴᠤ᠂ ᠳᠠᠯᠳᠠ ᠬᠦᠴᠦᠨ ᠢ ᠠᠭᠤᠳᠠᠯᠤᠨ ᠣᠷᠣᠯᠭ᠎ᠠ ᠶᠢ ᠨᠡᠮᠡᠭᠳᠡᠭᠦᠯᠬᠦ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠥᠷᠢᠲᠦᠭᠰᠡᠨ ᠭᠠᠶᠢᠯᠢ ᠶᠢ ᠢᠯᠭᠠᠷᠠᠭᠤᠯᠤᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠮᠥᠬᠦᠯᠢᠭ ᠢ ᠬᠥᠮᠥᠷᠭᠡ ᠳᠤ ᠣᠷᠣᠭᠤᠯᠵᠤ᠂ ᠲᠡᠩᠴᠡᠭᠦᠷᠢ ᠲᠠᠢ ᠪᠠᠷ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠬᠦ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠥᠷᠨᠢᠭᠦᠯᠵᠦ᠂ ᠭᠠᠶᠢᠯᠢ ᠲᠤᠰᠢᠶᠠᠭᠴᠢ ᠶᠢᠨ ᠬᠠᠩᠭᠠᠯᠭ᠎ᠠ ᠶᠢᠨ  ᠬᠡᠯᠬᠢᠶ᠎ᠡ ᠶᠢ ᠪᠠᠶᠢᠴᠠᠭᠠᠨ ᠯᠠᠪᠯᠠᠬᠤ ᠲᠠᠪᠴᠠᠩ ᠢ ᠰᠠᠶᠢᠲᠤᠷ ᠠᠰᠢᠭᠯᠠᠵᠤ᠂ ᠭᠠᠶᠢᠯᠢ ᠲᠤᠰᠢᠶᠠᠬᠤ ᠲᠤᠬᠠᠶᠢᠯᠠᠭᠰᠠᠨ ᠠᠵᠢᠯ ᠤᠨ ᠲᠡᠰ ᠳᠡᠪᠰᠢᠬᠦ ᠶᠢ ᠠᠬᠢᠭᠤᠯᠵᠤ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠴᠢᠩᠭᠠᠳᠬᠠᠵᠤ᠂ ᠭᠠᠶᠢᠯᠢ ᠲᠤᠰᠢᠶᠠᠬᠤ ᠢᠲᠡᠭᠡᠮᠵᠢ ᠶᠢᠨ ᠬᠡᠷᠡᠭᠯᠡᠯᠲᠡ ᠶᠢᠨ ᠪᠠᠶᠢᠳᠠᠯ ᠢ ᠥᠷᠭᠡᠳᠬᠡᠨ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ ᠶᠢ ᠵᠠᠯᠠᠷᠠᠭᠤᠯᠬᠤ᠂ ᠬᠠᠮᠢᠶ᠎ᠠ ᠪᠥᠬᠦᠶ ᠡᠭᠦᠷᠭᠡ ᠶᠢ  ᠭᠦᠢᠴᠡᠳᠭᠡᠬᠦ ᠶᠢ ᠰᠠᠨᠠᠭᠠᠴᠢᠯᠠᠭ᠎ᠠ ᠠᠴᠠ ᠪᠠᠨ ᠵᠢᠯᠣᠭᠤᠳᠴᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠭᠠᠶᠢᠯᠢ ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠢ ᠭᠤᠣᠯᠯᠠᠨ ᠬᠠᠮᠢᠶᠠᠷᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ᠂ ᠲᠤᠮᠤ ᠳ᠋ᠠᠶᠢᠲ᠋ᠠ ᠪᠠᠷ ᠲᠤᠯᠭᠠᠭᠤᠷᠢᠯᠠᠬᠤ︾ ᠶᠡᠷᠦᠩᠬᠡᠶᠢᠯᠡᠭᠰᠡᠨ ᠭᠠᠶᠢᠯᠢ ᠶᠢ ᠵᠠᠰᠠᠬᠤ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠭᠠᠶᠢᠯᠢ ᠪᠠᠷ ᠵᠠᠰᠠᠭ ᠤᠨ ᠶᠠᠪᠤᠳᠠᠯ ᠢ ᠵᠥᠪᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠶᠢᠯᠢ ᠲᠠᠲᠠᠪᠤᠷᠢ ᠶᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠤᠯᠠᠨ ᠲᠠᠯ᠎ᠠ ᠠᠴᠠ ᠥᠷᠨᠢᠭᠦᠯᠵᠦ᠂ ᠬᠢᠩᠭᠠᠨ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠣᠨᠴᠠᠯᠢᠭ ᠲᠤ ᠰᠠᠭᠤᠷᠢᠯᠠᠨ ᠨᠡᠩ ᠤᠯᠠᠨ ᠬᠠᠨᠳᠤᠯᠭᠠᠲᠤ ᠴᠢᠨᠠᠷᠲᠠᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠠᠶᠢᠮᠠᠭ ᠤᠨ ᠨᠠᠮ ᠤᠨ  ᠬᠤᠷᠢᠶ᠎ᠠ ᠵᠠᠬᠢᠷᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠪᠡ ᠃    ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号