ᠵᠠᠩ ᠰᠢᠶᠤᠤ ᠪᠢᠩ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠤᠰᠤᠨ ᠤ ᠠᠮᠢ ᠠᠬᠤᠶ ᠶᠢ ᠵᠠᠰᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ᠂  ᠨᠡᠳᠦᠭᠡᠷ ᠪᠠᠯᠭᠠᠰᠤ᠂ ᠬᠤᠷᠴᠢᠨ ᠪᠠᠯᠭᠠᠰᠤᠨ ᠳᠤ ᠭᠦᠨᠵᠡᠭᠡᠶᠢᠷᠡᠵᠦ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠪᠠ ᠢᠳᠡᠭᠳᠡᠭᠦᠯᠬᠦ ᠭᠤᠤ᠂ ᠠᠭᠤᠯᠠᠨ ᠦᠶᠡᠷ ᠤᠨ ᠭᠤᠤ᠂ ᠵᠢᠵᠢᠭ ᠰᠠᠪᠠ ᠭᠠᠵᠠᠷ ᠢ ᠵᠠᠰᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃    ᠵᠠᠩ ᠰᠢᠶᠤᠤ ᠪᠢᠩ᠂ ᠤᠰᠤ ᠶᠢ ᠵᠠᠰᠠᠵᠤ ᠤᠰᠤ ᠶᠢ ᠬᠥᠭᠵᠢᠭᠦᠯᠬᠦ ᠳᠤ᠂ ᠨᠢᠭᠡ ᠲᠠᠯ᠎ᠠ ᠪᠠᠷ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠨᠦᠬᠦᠬᠡ ᠲᠠᠯ᠎ᠠ ᠪᠠᠷ ᠭᠤᠣᠯ ᠮᠥᠷᠡᠨ ᠨᠠᠭᠤᠷ ᠴᠥᠭᠦᠷᠥᠮ  ᠤᠨ ᠠᠮᠤᠷ ᠲᠦᠪᠰᠢᠨ ᠪᠠᠶᠢᠳᠠᠯ ᠲᠠᠢ ᠬᠤᠯᠪᠣᠭᠳᠠᠨ᠎ᠠ᠃ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ᠂ ᠡᠷᠲᠡ ᠠᠴᠠ ᠠᠳᠬᠤᠨ ᠪᠠᠭ᠎ᠠ ᠠᠴᠠ ᠨᠢ ᠠᠳᠬᠤᠬᠤ ᠶᠢ ᠪᠠᠷᠢᠮᠲᠠᠯᠠᠵᠤ᠂ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠦᠶᠡᠷ ᠤᠰᠤᠲᠤᠯ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠡᠩᠨᠡᠭᠡ ᠪᠣᠯᠤᠨ ᠡᠳ᠋ ᠪᠣᠳᠠᠰ ᠤᠨ ᠪᠡᠯᠡᠳᠬᠡᠯ ᠢ ᠴᠢᠩᠭᠠᠳᠬᠠᠵᠤ᠂ ᠠᠶᠤᠯᠲᠠᠢ ᠪᠠᠷᠢᠯᠭ᠎ᠠ ᠪᠣᠯᠤᠨ ᠡᠳ᠋ ᠪᠣᠳᠠᠰ ᠤᠨ ᠪᠡᠯᠡᠳᠬᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠤᠷᠠᠭᠰᠠᠨ ᠢ ᠠᠷᠢᠯᠭᠠᠨ ᠯᠠᠶᠢᠳᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠥᠳᠡᠭᠡ ᠲᠣᠰᠬᠤᠨ ᠤ ᠵᠤᠭᠠᠴᠠᠯ᠂ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ᠂ ᠬᠦᠷᠢᠶᠡᠨ ᠤ ᠠᠵᠤ ᠠᠬᠤᠢ ᠵᠡᠷᠭᠡ ᠶᠢ ᠬᠥᠭᠵᠢᠭᠦᠯᠬᠦ ᠲᠠᠢ ᠤᠶᠠᠯᠳᠤᠭᠤᠯᠵᠤ᠂ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠢ ᠳᠠᠶᠢᠴᠢᠯᠠᠵᠤ᠂ ᠤᠰᠤᠨ ᠤ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠠᠬᠤᠢ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠢᠳᠡᠭᠳᠡᠯ ᠤᠨ ᠭᠤᠤ ᠶᠢ ᠵᠠᠰᠠᠬᠤ᠂ ᠠᠭᠤᠯᠠᠨ ᠦᠶᠡᠷ ᠤᠨ ᠭᠤᠤ ᠶᠢ ᠵᠠᠰᠠᠬᠤ᠂ ᠵᠢᠵᠢᠭ ᠰᠠᠪᠠ ᠭᠠᠵᠠᠷ ᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠵᠢᠭᠦᠯᠵᠦ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠵᠤ ᠰᠡᠷᠭᠦᠭᠡᠬᠦ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠥᠨᠥᠭᠡᠯ ᠠᠴᠠ ᠪᠣᠯᠵᠣ ᠰᠡᠷᠭᠡᠶᠢᠯᠡᠯᠲᠡ ᠪᠠᠶᠢᠷᠢᠯᠠᠭᠤᠯᠵᠤ᠂ ᠲᠥᠷᠥᠯ  ᠵᠦᠢᠯ ᠤᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠢᠨᠵᠧᠨᠧᠷᠢᠩ᠂ ᠠᠮᠢᠳᠤ ᠪᠣᠳᠠᠰ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ᠂ ᠰᠢᠰᠲ᠋ᠧᠮᠵᠢᠭᠦᠯᠦᠨ ᠵᠠᠰᠠᠬᠤ ᠶᠢ ᠥᠷᠨᠢᠭᠦᠯᠵᠦ᠂ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠤᠨ᠎ᠠ᠃ ᠡᠨᠡ ᠵᠢᠯ ᠤᠨ ᠬᠢᠩᠭᠠᠨ ᠠᠶᠢᠮᠠᠭ ᠤᠨ ᠢᠳᠡᠭᠳᠡᠯ ᠤᠨ ᠭᠤᠤ ᠶᠢ ᠵᠠᠰᠠᠬᠤ ᠡᠭᠦᠷᠭᠡ ᠪᠦᠬᠦ ᠣᠷᠣᠨ ᠤ ᠬᠠᠭᠠᠰ ᠢ ᠡᠵᠡᠯᠡᠵᠦ᠂ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ ᠪᠣᠯᠬᠤᠷ ᠵᠠᠪᠠᠯ ᠲᠣᠭᠲᠠᠭᠰᠠᠨ ᠴᠠᠭ ᠲᠠᠭᠠᠨ ᠴᠢᠨᠠᠷ ᠢ ᠪᠠᠲᠤᠯᠠᠨ ᠪᠡᠶᠡᠯᠡᠭᠦᠯᠵᠦ᠂ ᠠᠮᠢ ᠠᠬᠤᠢ᠂ ᠨᠡᠶᠢᠭᠡᠮ ᠪᠣᠯᠤᠨ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠴᠢᠷᠮᠠᠶᠢᠨ ᠪᠡᠶᠡᠯᠡᠭᠦᠯᠵᠦ᠂ ᠢᠳᠡᠭᠳᠡᠯ ᠤᠨ ᠭᠤᠤ ᠶᠢ ᠠᠮᠢ ᠠᠬᠤᠢ ᠶᠢᠨ ᠭᠤᠤ᠂ ᠠᠵᠤ ᠠᠬᠤᠢ ᠶᠢᠨ ᠭᠤᠤ᠂ ᠠᠮᠤᠷ ᠲᠦᠪᠰᠢᠨ ᠤ ᠭᠤᠦ ᠪᠣᠯᠭᠠᠬᠤ ᠬᠡᠷᠡᠭᠲᠡᠢ᠃ ᠬᠠᠮᠠᠭᠠᠯᠠᠯᠲᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠂ ᠨᠢᠭᠡ ᠲᠠᠯ᠎ᠠ ᠪᠠᠷ ᠵᠠᠰᠠᠵᠤ ᠨᠢᠭᠡ ᠲᠠᠯ᠎ᠠ ᠪᠠᠷ ᠡᠪᠳᠡᠵᠦ ᠶᠠᠭᠠᠬᠢᠭᠰᠠᠨ ᠴᠤ ᠪᠣᠯᠬᠤ ᠦᠭᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠠᠵᠠ ᠲᠣᠬᠢᠶᠠᠯ ᠢ ᠠᠮᠵᠢᠵᠤ᠂ ᠠᠯᠤᠰ ᠬᠡᠳᠤ ᠳᠤ ᠰᠠᠭᠤᠷᠢᠯᠠᠵᠤ᠂ ᠨᠢᠭᠡᠳᠦᠯᠲᠡᠢ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠬᠢᠩᠭᠠᠨ ᠤ ᠡᠬᠡ ᠭᠠᠵᠠᠷ ᠢ ᠨᠡᠩ ᠨᠣᠭᠤᠭᠠᠷᠠᠭᠤᠯᠵᠤ᠂ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ᠦᠷ᠎ᠡ ᠬᠤᠶᠢᠴᠢᠰ ᠲᠠᠭᠠᠨ ᠨᠡᠩ ᠤᠯᠠᠨ ︽ᠪᠣᠬᠢᠷᠲᠤᠯ ᠦᠭᠡᠢ ᠡᠳ᠋ ᠬᠦᠷᠦᠩᠭᠡ︾ ᠦᠯᠡᠳᠡᠭᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号