ᠰᠦᠬᠡ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20
     6 ᠳ᠋ᠤᠭᠠᠷ ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠯᠠᠭᠠᠨᠬᠤᠲᠠ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ᠰᠦᠬᠡ ᠤᠷᠢᠳ ᠬᠤᠵᠢᠳ ᠠᠶᠢᠮᠠᠭ ᠤᠨ ᠠᠵᠢᠯᠴᠢᠨ ᠤ ᠰᠣᠶᠣᠯ ᠤᠨ ᠣᠷᠳᠣᠨ ᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ ᠠᠶᠢᠮᠠᠭ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠤᠭ᠎ᠠ ᠪᠠᠷᠢᠮᠲᠠ ᠶᠢᠨ ᠲᠥᠪ ᠲᠤ ᠬᠦᠷᠴᠦ᠂ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ ᠶᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ  ᠂ ᠰᠢᠯᠢᠳᠡᠭ ᠢᠨᠵᠧᠨᠧᠷᠢᠩ ᠢ ᠴᠣᠭᠴᠠᠯᠠᠵᠤ᠂ ᠬᠤᠳᠠ ᠶᠢᠨ ᠴᠢᠳᠠᠪᠬᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ  ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠭᠵᠢᠷᠡᠯ ᠢ ᠠᠷᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠠᠶᠢᠮᠠᠭ ᠤᠨ ᠤᠳᠤᠷᠢᠳᠤᠯᠭ᠎ᠠ  ᠹᠧᠩ ᠠᠶ ᠰᠢᠶᠠ᠂ ᠶᠠᠩ ᠵᠢᠶ  ᠫᠧᠩ᠂ ᠴᠢᠨ ᠬᠤᠸᠠ ᠵᠧᠨ᠂ ᠪᠠᠶ ᠶᠦᠨ ᠬᠠᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号