ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/20
     6 ᠳ᠋ᠤᠭᠠᠷ ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠢᠷᠭᠤᠭᠠᠨ ᠢᠨᠵᠧᠨᠧᠷᠢᠩ︾ ᠢ ᠳᠥᠯᠭᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠂ ᠬᠢᠩᠭᠠᠨ ᠠᠶᠢᠮᠠᠭ ᠤᠨ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠵᠣᠭᠰᠣᠴᠠ ᠠᠴᠠ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠠᠬᠢᠴᠠ ᠶᠢ ᠠᠳᠬᠤᠬᠤ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠲᠦᠷᠦᠯ ᠤᠨ ᠢᠨᠵᠧᠨᠧᠷᠢᠩ ᠤᠨ ᠡᠷᠲᠡ ᠦᠷ᠎ᠡ ᠪᠦᠲᠦᠮᠵᠢ ᠣᠯᠵᠤ᠂ ᠲᠦᠷᠭᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ  ᠃ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠡᠮᠦᠨ᠎ᠡ ᠨᠢ ᠦᠢᠯᠡᠴᠢᠯᠡᠬᠦ᠂ ᠢᠳᠡᠪᠬᠢᠲᠡᠢ ᠠᠵᠢᠯᠯᠠᠬᠤ ᠶᠢ ᠪᠠᠷᠢᠮᠲᠠᠯᠠᠵᠤ ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠦᠨᠡᠨᠬᠦ ᠪᠦᠷᠢᠯᠳᠦᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号