ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/20
    6 ᠳ᠋ᠤᠭᠠᠷ ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠨᠠᠮ ᠤᠨ ᠰᠤᠷᠭᠠᠭᠤᠯᠢ ᠶᠢᠨ ᠠᠵᠢᠯ᠂ ᠠᠶᠤᠯᠭᠦᠶ  ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ   ᠤᠨ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠷᠥᠯ  ᠵᠦᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ᠂ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠬᠡᠷᠡᠭᠵᠢᠭᠦᠯᠦᠨ ᠣᠯᠠᠨ ᠲᠦᠮᠡᠨ ᠢ ᠲᠡᠳᠡᠨ ᠣᠷᠣᠯᠴᠠᠭᠤᠯᠵᠤ᠂ ᠨᠡᠶᠢᠳᠡᠮ ᠠᠰᠢᠭ ᠬᠦᠷᠲᠡᠭᠡᠬᠦ ᠡᠷᠬᠡ ᠲᠡᠭᠰᠢ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ᠂ ᠴᠢᠳᠠᠮᠵᠢ ᠨᠢ ᠡᠷᠴᠢᠮᠯᠢᠭ ᠲᠠᠷᠢᠶᠠᠯᠠᠬᠤ ᠮᠠᠯᠵᠢᠬᠤ ᠣᠷᠣᠨ ᠤ ᠵᠠᠮ ᠤᠨ ᠲᠣᠤᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠂ ᠡᡁᠧ ᠯᠢ ᠹᠧᠩ ᠨᠥᠬᠦᠷ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠯ ᠤᠨ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠬᠤᠶᠢᠰᠢᠳᠠ ᠶᠢᠨ ᠠᠰᠠᠷᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠣᠯᠤᠨ ᠬᠠᠮᠠᠭᠠᠯᠠᠯᠲᠠ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠡᠭᠦᠷᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠰᠤᠷᠭᠠᠭᠤᠯᠢ ᠡᠷᠬᠢᠯᠡᠬᠦ ᠪᠠᠶᠢᠭᠤᠯᠤᠮᠵᠢ ᠪᠣᠯᠤᠨ ᠰᠤᠷᠭᠠᠭᠤᠯᠢ ᠡᠷᠬᠢᠯᠡᠬᠦ ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠪᠣᠯᠪᠠᠰᠤᠷᠠᠯ ᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠶᠢᠨ ᠰᠤᠷᠲᠠᠯ ᠰᠤᠷᠭᠠᠨ ᠬᠥᠮᠦᠵᠢᠯ ᠤᠨ ᠰᠤᠷᠲᠠᠯ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠰᠦᠨ ᠱᠤᠤ ᠹᠧᠩ ᠱᠦᠵᠢ ᠶᠢᠨ ᠳᠥᠷᠪᠡᠳ ᠬᠤᠰᠢᠭᠤᠨ ᠤ ᠶᠠᠷᠢᠯᠴᠠᠬᠤ ᠬᠤᠷᠠᠯ ᠳᠡᠭᠡᠷ᠎ᠡ ᠶᠠᠷᠢᠭᠰᠠᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠯᠤᠭᠠᠨ ᠬᠡᠷᠬᠢᠨ︾ ᠤ ᠰᠡᠳᠦᠪ ᠢ ᠭᠦᠨᠵᠡᠭᠡᠢ ᠰᠤᠳᠤᠯᠬᠤ ᠪᠠ ᠰᠦᠪᠡᠭᠴᠢᠯᠡᠨ ᠦᠢᠯᠡᠳᠦᠯᠭᠡᠵᠢᠭᠦᠯᠬᠦ ᠪᠠᠨ ᠴᠢᠨᠠᠭᠰᠢᠳᠠ ᠴᠢᠩᠭᠠᠳᠬᠠᠵᠤ᠂ ᠠᠷᠭ᠎ᠠ ᠬᠢᠳᠡᠯ ᠦᠷ᠎ᠡ ᠪᠦᠲᠦᠮᠵᠢ ᠪᠠᠨ ᠴᠠᠭ ᠲᠤᠬᠠᠢ ᠳᠤᠨᠢ ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠳᠤ ᠨᠡᠩ ᠤᠯᠠᠨ ᠬᠢᠩᠭᠠᠨ ᠤ ᠵᠠᠭᠪᠤᠷ ᠢ ᠬᠠᠩᠭᠠᠬᠤ ᠪᠠᠷ ᠴᠢᠷᠮᠠᠶᠢᠬᠤ ᠬᠡᠷᠡᠭᠲᠡᠢ  ᠃ ᠮᠠᠯᠴᠢᠨ ᠲᠠᠷᠢᠶᠠᠴᠢᠨ ᠳᠤ ᠨᠥᠬᠦᠪᠥᠷᠢ ᠥᠭᠬᠦ ᠣᠬᠤᠷ ᠮᠡᠳᠡᠭᠡ ᠪᠠᠷ ᠰᠠᠨᠠᠭᠤᠯᠬᠤ᠂ ᠬᠠᠮᠲᠤ ᠳᠤᠨᠢ ᠵᠠᠷᠯᠠᠨ ᠨᠡᠶᠢᠲᠡᠯᠡᠬᠦ ᠵᠡᠷᠭᠡ ᠠᠷᠭ᠎ᠠ ᠬᠢᠳᠡᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠠᠴᠢ ᠶᠢ ᠨᠠᠩ ᠴᠢᠩ ᠰᠡᠳᠬᠢᠯ ᠠᠴᠠ ᠪᠠᠨ ᠮᠡᠳᠡᠷᠡᠭᠦᠯᠵᠦ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠶ ᠭᠡᠪᠡ ᠃    ᠬᠤᠷᠠᠯ ᠠᠴᠠ ᠱᠠᠭᠠᠷᠳᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ︽ᠵᠢᠷᠭᠤᠭᠠᠨ ᠶᠡᠭᠡ ᠠᠷᠭ᠎ᠠ ᠬᠡᠮᠵᠢᠶ᠎ᠡ︾ ᠶᠢ ᠭᠦᠨᠵᠡᠭᠡᠶ ᠬᠡᠷᠡᠭᠵᠢᠭᠦᠯᠦᠨ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠵᠡᠷᠭᠡ ᠬᠦᠴᠦᠨ ᠢ  ᠭᠦᠢᠴᠡᠳ ᠪᠠᠳᠠᠷᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号