ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠰᠢᠨ᠎ᠡ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠨᠢ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠰᠢᠨ᠎ᠡ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠠ᠃ ᠠᠶᠢᠮᠠᠭ ᠤᠨ ᠤᠳᠤᠷᠢᠳᠤᠯᠭ᠎ᠠ ᠰᠦᠬᠡ᠂ ᠴᠢᠨ ᠬᠤᠸᠠ ᠵᠧᠨ᠂ ᠯᠢᠶᠠᠩ ᠶᠠᠨ ᠵᠢᠶᠦ᠋ᠨ᠂ ᠰᠦᠨ ᠱᠦ ᠲᠤᠤ ᠬᠤᠷᠠᠯ ᠳᠤ ᠣᠷᠣᠯᠴᠠᠵᠠᠶ᠃    ᠰᠦᠬᠡ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠰᠢᠨ᠎ᠡ ᠡᠨᠧᠷᠭᠢ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠨᠠᠮ ᠤᠨ  ᠬᠤᠷᠢᠶ᠎ᠠ ᠶᠢᠨ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠵᠢᠢ ᠸᠧᠨ ᠪᠥᠸᠧ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠪᠣᠯᠤᠨ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃ ᠬᠤᠶᠠᠷ ᠲᠠᠯ᠎ᠠ ᠪᠠᠷ ᠢᠶᠠᠨ ᠤᠯᠠᠮ ᠴᠢᠨᠠᠭᠰᠢᠳᠠ ᠨᠢᠭᠲᠠ ᠬᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠤᠢ ᠪᠣᠯᠭᠠᠬᠤ ᠶᠢ ᠬᠦᠰᠡᠵᠦ ᠪᠠᠶᠢᠨ᠎ᠠ  ᠃ ᠬᠢᠩᠭᠠᠨ ᠠᠶᠢᠮᠠᠭ ᠤᠨ ᠬᠢᠨ ᠦᠢᠯᠡᠴᠢᠯᠡᠭᠡᠨ ᠤ ᠪᠠᠲᠤᠯᠠᠪᠤᠷᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠪᠠᠷ ᠪᠠᠶᠢᠨ᠎ᠠ ᠭᠡᠵᠦ ᠵᠢᠭᠠᠵᠤ ᠭᠠᠷᠭᠠᠪᠠ᠃    ᠵᠢᠶ ᠸᠧᠨ ᠪᠥᠸᠧ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠠᠵᠤ  ᠦᠢᠯᠡᠳᠪᠦᠷᠢ ᠶᠢᠨ ᠬᠢᠩᠭᠠᠨ ᠠᠶᠢᠮᠠᠭ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠭᠤᠸᠠᠩᠳᠦ᠋ᠩ ᠤᠨ ᠴᠥᠮ᠎ᠡ ᠶᠢᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠬᠢᠩᠭᠠᠨ ᠠᠶᠢᠮᠠᠭ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠢᠩᠭᠠᠨ ᠲᠦᠮᠡᠨ ᠺᠢᠯᠣᠸᠠᠲ ᠤᠨ ᠲᠡᠰ ᠤᠨ ᠴᠡᠪᠡᠷ ᠡᠨᠧᠷᠭᠢ ᠶᠢᠨ ᠰᠠᠭᠤᠷᠢᠨ ᠢ ᠬᠠᠮᠲᠤᠪᠠᠷ ᠪᠠᠶᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号