ᠰᠦᠬᠡ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/6/24
     6 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠬᠤᠷᠠᠯ ᠡᠷᠭᠢᠯᠡᠨ ᠬᠤᠷᠠᠯᠳᠤᠭᠤᠯᠵᠤ᠂ ᠪᠡᠷᠬᠡ ᠠᠰᠠᠭᠤᠳᠠᠯ᠂ ᠪᠡᠷᠬᠡ ᠠᠰᠠᠭᠤᠳᠠᠯ ᠢ ᠰᠤᠳᠤᠯᠤᠨ  ᠰᠢᠢᠳᠪᠦᠷᠢᠯᠡᠪᠡ ᠃    ᠰᠦᠬᠡ ᠬᠡᠯᠡᠬᠦ ᠳᠡᠭᠡᠨ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠭᠦᠢᠴᠡᠳ ᠤᠶᠠᠯᠳᠤᠭᠤᠯᠤᠨ᠂ ᠬᠦᠴᠦ ᠪᠠᠨ ᠬᠠᠮᠲᠤᠳᠬᠠᠨ ᠪᠡᠷᠬᠡ ᠰᠡᠳᠦᠪ ᠢ  ᠰᠢᠢᠳᠪᠦᠷᠢᠯᠡᠵᠦ ᠂ ᠪᠥᠬᠦ ᠠᠶᠢᠮᠠᠭ ᠤᠨ ᠬᠦᠴᠦᠨ ᠢ ᠳᠠᠶᠢᠴᠢᠯᠠᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠠᠶᠢᠲᠤᠷ  ᠰᠢᠢᠳᠪᠦᠷᠢᠯᠡᠵᠦ ᠂ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠳᠥᠯᠭᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠶ ᠬᠠᠶᠢᠨ ᠰᠦᠪᠡᠭᠴᠢᠯᠡᠵᠦ᠂ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠨ ᠣᠯᠵᠤ᠂ ᠰᠢᠨᠵᠢᠯᠡᠭᠡᠨ ᠤ ᠲᠤᠰᠬᠠᠶ ᠮᠡᠷᠭᠡᠵᠢᠯ ᠪᠠ ᠴᠢᠳᠠᠪᠤᠷᠢᠲᠠᠨ ᠬᠥᠮᠦᠵᠢᠭᠦᠯᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢ ᠠᠮᠵᠢᠯᠲᠠ ᠲᠠᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ  ᠭᠡᠪᠡ᠃    ᠠᠶᠢᠮᠠᠭ ᠤᠨ ᠤᠳᠤᠷᠢᠳᠤᠯᠭ᠎ᠠ ᠴᠢᠨ ᠬᠤᠸᠠ ᠵᠧᠨ᠂ ᠯᠢᠶᠠᠩ ᠶᠠᠨ ᠵᠢᠶᠦ᠋ᠨ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ  ᠰᠡᠴᠡᠨᠳᠦᠷᠡᠩ ᠬᠤᠷᠠᠯ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号