ᠵᠠᠩ ᠰᠢᠶᠤᠤ ᠪᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
     5 ᠳ᠋ᠤᠭᠠᠷ ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠤᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃    ᠵᠠᠩ ᠰᠢᠶᠤᠤ ᠪᠢᠩ ᠬᠡᠯᠡᠬᠦ ᠳᠡᠭᠡᠨ᠂ ᠡᠨᠡ ᠭᠤᠷᠪᠠᠨ ᠵᠦᠢᠯ ᠤᠨ ᠠᠵᠢᠯ ᠪᠣᠯ ᠴᠥᠮ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠴᠢᠬᠤᠯᠠ ᠠᠭᠤᠯᠭ᠎ᠠ ᠮᠥᠨ᠂ ᠡᠷᠬᠡᠪᠰᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ ᠤᠯᠤᠰ ᠲᠥᠷᠥ ᠶᠢᠨ ᠡᠭᠦᠷᠭᠡ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠬᠤᠷᠢᠶᠠᠨ ᠤ ᠱᠦᠵᠢ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠬᠠᠮᠢᠶᠠᠷᠴᠤ᠂ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠲᠤᠤᠷᠠᠳᠤ ᠱᠠᠳᠤ ᠪᠠᠷ ᠢᠶᠠᠨ ᠬᠠᠮᠲᠤᠷᠠᠨ ᠬᠥᠳᠡᠯᠦᠯᠴᠡᠵᠦ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠰᠤᠷᠤᠯᠴᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠬᠡᠷᠡᠭᠴᠡᠭᠡ ᠲᠠᠢ ᠪᠣᠯᠪᠠᠴᠤ ᠦᠯᠤ ᠮᠡᠳᠡᠭᠳᠡᠬᠦ ᠦᠢᠯᠡ ᠠᠵᠢᠯᠯᠠᠭᠠᠨ ᠤ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠥᠮᠦᠵᠢᠯ ᠬᠢᠬᠦ ᠬᠡᠷᠡᠭᠲᠡᠢ᠃ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠴᠡᠭᠴᠡᠯᠡᠨ ᠵᠠᠰᠠᠵᠤ᠂ ᠰᠣᠶᠣᠯ ᠢ ᠴᠣᠮᠬᠠᠳᠬᠠᠵᠤ ᠨᠡᠶᠢᠭᠡᠮᠯᠢᠭ ᠢ ᠬᠥᠩᠭᠡᠷᠡᠭᠦᠯᠬᠦ᠂ ᠱᠠᠯᠠᠪᠳᠠᠭᠤᠯᠤᠨ ᠪᠠᠶᠢᠴᠠᠭᠠᠬᠤ ᠬᠢᠨᠠᠨ ᠰᠢᠯᠭᠠᠬᠤ ᠪᠠᠶᠢᠴᠠᠭᠠᠨ ᠰᠤᠳᠤᠯᠤᠯᠲᠠ ᠬᠢᠬᠦ ᠵᠡᠷᠭᠡ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠲᠠᠬᠢᠨ ᠬᠦᠨᠳᠦᠷᠡᠭᠦᠯᠬᠦ ᠦᠭᠡᠢ ᠪᠠᠶᠢᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ︽ᠲᠦᠷᠪᠡᠨ ᠠᠩᠬᠠᠷᠤᠯ ᠤᠨ ᠲᠥᠪ︾ ᠢ ᠴᠢᠩᠭ᠎ᠠ ᠠᠩᠬᠠᠷᠴᠤ᠂ ᠰᠦᠪᠡᠭᠴᠢ ᠶᠢ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠴᠢᠨᠠᠭᠰᠢᠳᠠ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠳᠡᠷᠭᠡᠳᠡ ᠨᠢ ᠪᠠᠶᠢᠬᠤ ᠶᠢ ᠤᠯᠠᠨ ᠲᠦᠮᠡᠨ ᠳᠤ ᠮᠡᠳᠡᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠦ᠂ ᠭᠤᠷᠪᠠᠨ ᠬᠦᠷᠢᠶᠡᠨ ᠳᠤ ᠢᠯᠡᠷᠡᠭᠦᠯᠦᠭᠰᠡᠨ ᠠᠰᠠᠭᠤᠳᠠᠯ ᠢ ᠨᠡᠪᠲᠡᠷᠡᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ ᠢ ᠰᠠᠶᠢᠲᠤᠷ ᠬᠡᠷᠡᠭᠯᠡᠵᠦ᠂ ᠠᠰᠠᠭᠤᠳᠠᠯ ᠢ ᠴᠤᠭᠯᠠᠭᠤᠯᠬᠤ ᠶᠢ ᠰᠠᠶᠢᠲᠤᠷ ᠬᠢᠵᠦ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠷᠭᠦᠯᠵᠢᠯᠡᠨ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠲᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠲᠦᠢᠯᠪᠤᠷᠢᠲᠠᠢ ᠥᠭᠡᠷᠡᠴᠢᠯᠡᠬᠦ᠂ ᠪᠣᠳᠠᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ  ᠭᠡᠪᠡ᠃    ᠠᠶᠢᠮᠠᠭ ᠤᠨ ᠤᠳᠤᠷᠢᠳᠤᠯᠭ᠎ᠠ  ᠹᠧᠩ ᠠᠶ ᠰᠢᠶᠠ᠂ ᠴᠧᠩ ᠭᠤᠸᠠᠩ ᠵᠢᠶᠦ᠋ᠨ᠂ ᠰᠦᠨ ᠰᠢᠩ ᠢᠦᠶ᠂ ᠴᠧᠨ ᠵᠢᠩ ᠬᠤᠸᠠ᠂ ᠯᠢᠶᠠᠩ ᠶᠠᠨ ᠵᠢᠶᠦ᠋ᠨ᠂ ᠴᠧᠨ ᠬᠤᠩ ᠪᠥᠸᠧ ᠵᠢᠴᠢ ᠬᠤᠯᠪᠣᠭᠳᠠᠯ ᠪᠥᠬᠦᠶ ᠬᠤᠰᠢᠭᠤ ᠰᠢᠶᠠᠨ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号