ᠵᠠᠩ ᠰᠢᠶᠤᠤ ᠪᠢᠩ ᠵᠠᠯᠠᠶᠢᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/4
     5 ᠳ᠋ᠤᠭᠠᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠵᠠᠯᠠᠶᠢᠳ ᠬᠤᠰᠢᠭᠤᠨ ᠤ ᠬᠡᠰᠡᠭ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ᠂ ᠰᠢᠶᠠᠩ ᠪᠠᠯᠭᠠᠰᠤ ᠠᠶᠢᠯ ᠲᠣᠰᠬᠤᠨ ᠪᠠ ᠬᠤᠲᠠ ᠪᠠᠯᠭᠠᠰᠤᠨ ᠤ ᠨᠡᠶᠢᠭᠡᠮ ᠲᠣᠭᠤᠷᠢᠭ ᠲᠤ ᠬᠦᠷᠴᠦ ᠰᠢᠨ᠎ᠡ ᠴᠢᠨᠠᠷ ᠰᠠᠶᠢᠲᠠᠶ  ᠦᠢᠯᠡᠳᠪᠦᠷᠢᠯᠡᠯ ᠤᠨ ᠬᠦᠴᠦᠨ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ᠂ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠳᠤᠯᠠᠭᠠᠯᠠᠬᠤ ᠢᠨᠵᠧᠨᠧᠷᠢᠩ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠲᠡᠷᠡ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠬᠠᠷ᠎ᠠ ᠬᠥᠷᠥᠰᠥ ᠶᠢ ᠬᠠᠮᠠᠭᠠᠯᠠᠬᠤ᠂ ᠠᠮᠢᠳᠤ ᠪᠣᠳᠠᠰ ᠤᠨ ᠮᠠᠰ ᠤᠨ ᠡᠨᠧᠷᠭᠢ ᠶᠢ ᠠᠰᠢᠭᠯᠠᠬᠤ᠂ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ  ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ  ᠃ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠤᠯᠠ ᠪᠠᠶᠢᠬᠤ ᠭᠠᠵᠠᠷ ᠰᠢᠷᠣᠶ ᠶᠢᠨ ᠡᠬᠢ ᠪᠠᠶᠠᠯᠢᠭ ᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠭᠠᠵᠠᠷ ᠰᠢᠷᠣᠶ ᠶᠢᠨ ᠭᠠᠷᠤᠯᠲᠠ ᠶᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠢ ᠰᠢᠯᠢᠳᠡᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠪᠴᠢᠶᠡᠵᠢᠯᠲᠡ᠂ ᠡᠷᠴᠢᠮᠵᠢᠯᠲᠡ᠂ ᠠᠵᠤ ᠦᠶᠢᠯᠡᠰᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠬᠦᠴᠦᠯᠡᠨ  ᠰᠢᠢᠳᠪᠦᠷᠢᠯᠡᠵᠦ ᠂  ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ︽ᠭᠤᠷᠪᠠᠨ ᠲᠥᠷᠥᠯ︾ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ᠃ ᠳᠤᠯᠠᠭᠠᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠮᠢᠳᠤ ᠪᠣᠳᠠᠰ ᠤᠨ ᠮᠠᠰ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠢᠯᠴᠢ ᠬᠠᠩᠭᠠᠬᠤ ᠶᠠᠰᠤ ᠴᠢᠨᠠᠷ ᠪᠣᠯᠤᠨ ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ ᠳᠤᠯᠠᠭᠠᠨ ᠪᠥᠭᠡᠳ ᠠᠷᠢᠭᠤᠨ ᠴᠡᠪᠡᠷ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠃ ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠨᠢᠭᠡ ᠶᠢ ᠬᠦᠳᠦᠯᠦᠨ ᠳᠠᠭᠠᠭᠤᠯᠬᠤ᠂ ᠨᠠᠢᠮᠠ ᠶᠢ ᠴᠢᠷᠮᠠᠶᠢᠨ ᠬᠢᠬᠦ ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠲᠠᠨᠢᠭᠤᠯᠤᠨ ᠤᠢᠢᠯᠠᠭᠠᠭᠤᠯᠵᠤ᠂ ᠨᠠᠮ ᠤᠨ ᠠᠴᠢ ᠶᠢ ᠨᠡᠩ ᠴᠢᠩ ᠰᠡᠳᠬᠢᠯ ᠠᠴᠠ ᠪᠠᠨ ᠣᠶᠢᠯᠠᠭᠠᠵᠤ᠂ ᠨᠠᠮ ᠤᠨ ᠰᠠᠶᠢᠨ ᠢ ᠰᠠᠨᠠᠭᠠᠯᠵᠠᠵᠤ᠂ ᠨᠠᠮ ᠢᠶᠠᠨ ᠲᠠᠭᠠᠬᠤ ᠬᠡᠷᠡᠭᠲᠡᠢ ᠭᠡᠵᠦ ᠬᠡᠯᠡᠪᠡ᠃    ᠡᠨᠡ ᠬᠤᠭᠤᠴᠠᠭᠠᠨ ᠳᠤ᠂ ᠵᠠᠩ ᠰᠢᠶᠤᠤ ᠪᠢᠩ ᠪᠠᠰᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠪᠠᠶᠢᠴᠠᠭᠠᠨ ᠰᠤᠳᠤᠯᠵᠠᠢ᠃    ᠰᠦᠨ ᠰᠢᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号