ᠬᠢᠩᠭᠠᠨ ᠠᠶᠢᠮᠠᠭ ᠤᠨ ᠵᠠᠬᠢᠷᠭ᠎ᠠ ᠪᠥᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠪᠠ ᠴᠢᠬᠤᠯᠠ ᠶᠡᠭᠡ ᠲᠥᠷᠥᠯ ᠵᠦᠢᠯ ᠢ ᠳᠥᠯᠭᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
    5 ᠳ᠋ᠤᠭᠠᠷ ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠥᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠪᠠ ᠴᠢᠬᠤᠯᠠ ᠶᠡᠭᠡ ᠲᠥᠷᠥᠯ ᠵᠦᠢᠯ ᠢ ᠳᠥᠯᠭᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠬᠤᠸᠠ ᠵᠧᠨ ᠬᠤᠷᠠᠯ ᠢ ᠡᠷᠭᠢᠯᠡᠪᠡ᠃    ᠬᠤᠷᠠᠯ ᠠᠴᠠ  ᠴᠢᠩᠭᠠᠳᠬᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠬᠦ ᠶᠢ ᠪᠠᠲᠤᠯᠠᠬᠤ ᠬᠡᠷᠡᠭᠲᠡᠢ᠃ ᠠᠵᠤ  ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ ᠂ ᠠᠵᠤ  ᠦᠢᠯᠡᠳᠪᠦᠷᠢ ᠶᠢᠨ ᠠᠵᠢᠯᠯᠠᠭᠠᠨ ᠤ ᠲᠣᠬᠢᠷᠠᠭᠤᠯᠤᠯᠲᠠ᠂  ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠠᠵᠤ ᠠᠬᠤᠶ ᠶᠢᠨ ᠪᠠᠶᠢᠳᠠᠯ ᠤᠨ ᠲᠤᠬᠠᠶ ᠵᠠᠳᠠᠯᠤᠯᠲᠠ ᠶᠢ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠬᠦᠴᠢᠷᠳᠡᠯ ᠪᠠ ᠠᠰᠠᠭᠤᠳᠠᠯ ᠢ ᠬᠢᠨᠠᠮᠠᠭᠠᠶ  ᠰᠢᠢᠳᠪᠦᠷᠢᠯᠡᠵᠦ᠂  ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃    ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号