ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠭᠢᠯᠡᠨ ᠶᠠᠷᠢᠪᠠ᠃    ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠶᠡᠷᠦᠩᠬᠡᠶ ᠱᠦᠵᠢ ᠰᠢ ᠶᠢᠨ ᠫᠢᠩ  ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠧᠩ ᠭᠤᠸᠠᠩ ᠵᠢᠶᠦ᠋ᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠶ᠎ᠠ︾ ᠭᠡᠬᠦ ᠹᠢᠯᠢᠮ  ᠶᠢ ᠲᠥᠪᠯᠡᠷᠡᠭᠦᠯᠦᠨ ᠦᠵᠡᠪᠡ᠃ ᠰᠢᠤᠢ ᠵᠦᠸᠧ᠂ ᠯᠢᠦ ᠱᠦ ᠴᠧᠩ ᠵᠡᠷᠭᠡ ᠠᠶᠢᠮᠠᠭ ᠤᠨ ᠤᠳᠤᠷᠢᠳᠤᠯᠭ᠎ᠠ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢ ᠵᠢᠴᠢ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠰᠦᠬᠡ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠪᠤᠳᠤᠯᠭ᠎ᠠ ᠮᠥᠨ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ ᠰᠠᠶᠢᠲᠤᠷ ᠠᠳᠬᠤᠵᠤ᠂ ︽ᠲᠦᠷᠢᠮ︾ ᠢ ᠰᠤᠷᠤᠯᠴᠠᠬᠤ ᠶᠢ ᠢᠮᠠᠭᠲᠠ ᠲᠤᠭᠤᠰᠢᠯᠠᠭᠤᠯᠵᠦ ᠂ ᠨᠠᠮᠴᠢ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠬᠡᠷᠡᠭᠲᠡᠢ ᠭᠡᠪᠡ ᠃    ᠰᠦᠬᠡ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠰᠠᠬᠢᠯᠭ᠎ᠠ ᠪᠠᠲᠤ ᠪᠠᠷ ᠬᠡᠷᠡᠭᠵᠢᠭᠦᠯᠦᠯᠲᠡ ᠪᠠᠨ ᠲᠥᠪ ᠪᠣᠯᠭᠠᠬᠤ᠂ ᠮᠡᠳᠡᠬᠦᠶ ᠬᠢᠬᠦᠶ ᠪᠠᠨ ᠨᠢᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠦᠭ ᠰᠦᠨᠡᠰᠦ ᠶᠢ ᠤᠯᠠᠮ ᠴᠢᠨᠠᠭᠰᠢᠳᠠ ᠪᠠᠲᠤᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠥᠪᠴᠢ ᠪᠠᠨ ᠴᠢᠩᠭᠠᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠢᠶᠠᠨ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠴᠢᠩᠭ᠎ᠠ ᠱᠠᠭᠠᠷᠳᠠᠯᠭ᠎ᠠ ᠪᠠᠷ ᠥᠪᠡᠷ ᠢ ᠪᠠᠨ ᠵᠢᠷᠤᠮᠵᠢᠭᠤᠯᠵᠤ᠂ ᠥᠪᠡᠷ ᠢ ᠪᠠᠨ ᠬᠢᠵᠠᠭᠠᠷᠯᠠᠬᠤ ᠬᠡᠷᠡᠭᠲᠡᠢ  ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠤᠶᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠭᠦᠨᠵᠡᠭᠡᠶᠢᠷᠡᠭᠦᠯᠬᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠤᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠨᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号