ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
     6 ᠳ᠋ᠤᠭᠠᠷ ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠣᠤᠷ᠎ᠠ ᠠᠭᠠᠷ ᠤᠨ ᠠᠵᠤ ᠠᠬᠤᠶ ᠶᠢ ᠥᠷᠨᠢᠭᠦᠯᠬᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠵᠡᠷᠭᠡ ᠤᠴᠢᠷ ᠶᠠᠪᠤᠳᠠᠯ ᠢ ᠰᠤᠳᠤᠯᠤᠨ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ  ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠩ ᠢ ᠡᠰᠡᠷᠭᠦᠴᠡᠬᠦ᠂ ᠶᠡᠭᠡ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠰᠤ ᠭᠠᠩ ᠤᠨ ᠭᠠᠮᠰᠢᠭ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ  ᠬᠡᠮᠵᠢᠶ᠎ᠡ  ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠠ᠃    ᠬᠤᠷᠠᠯ ᠠᠴᠠ ᠴᠢᠩᠭᠠᠳᠬᠠᠭᠰᠠᠨ ᠨᠢ ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠣᠣᠷ᠎ᠠ  ᠠᠭᠠᠷ ᠤᠨ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠣᠣᠷ᠎ᠠ ᠠᠭᠠᠷ ᠤᠨ ᠠᠵᠤ ᠠᠬᠤᠢ ᠶᠢ ᠬᠢᠩᠭᠠᠨ ᠠᠶᠢᠮᠠᠭ ᠤᠨ ᠤᠷᠤᠯᠳᠤᠭᠠᠨ ᠤ ᠵᠠᠮ ᠢ ᠰᠣᠯᠢᠬᠤ ᠬᠦᠴᠦᠲᠡᠢ ᠭᠠᠷᠳᠠᠴᠠ ᠪᠣᠯᠭᠠᠵᠤ᠂ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠥᠯᠥᠭᠡᠯᠡᠬᠦ ᠬᠦᠴᠦᠨ ᠲᠠᠢ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠥᠨᠳᠦᠷᠯᠢᠭ ᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠶᠢᠨ ᠭᠤᠣᠯᠯᠠᠭᠴᠢ ᠦᠷᠢᠰᠦᠯᠳᠦᠬᠦ ᠬᠦᠴᠦᠨ ᠪᠣᠯᠤᠨ ᠶᠡᠷᠦᠩᠬᠡᠶᠢᠯᠡᠭᠰᠡᠨ ᠰᠤᠷᠭᠠᠭᠤᠯᠢ ᠡᠷᠬᠢᠯᠡᠬᠦ ᠪᠣᠳᠠᠲᠤ ᠬᠦᠴᠦᠨ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠬᠤ ᠬᠡᠷᠡᠭᠲᠡᠢ ᠭᠡᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号