ᠬᠢᠩᠭᠠᠨ ᠠᠶᠢᠮᠠᠭ ᠪᠦᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠬᠢᠨ ᠪᠦᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ  ᠶᠢᠨ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠳᠤ ᠲᠤᠬᠢᠷᠠᠭᠤᠯᠤᠯᠳᠠ ᠬᠢᠬᠦ ᠲᠤᠬᠠᠢ ᠲᠣᠭᠲᠠᠭᠠᠯ ᠢ ᠨᠡᠶᠢᠲᠡᠯᠡᠪᠡ᠄ ᠰᠦᠬᠡ ᠨᠥᠬᠦᠷ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠢᠦᠢ ᠵᠢᠶ ᠱᠦᠨ ᠨᠥᠬᠦᠷ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠵᠦ᠂ ᠬᠢᠩᠭᠠᠨ ᠠᠶᠢᠮᠠᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠬᠦ ᠪᠠᠷ ᠨᠡᠷ᠎ᠡ ᠳᠤᠷᠠᠳᠪᠠ᠃ ᠰᠦᠬᠡ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠢᠦᠢ ᠵᠢᠢ ᠱᠦᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠰᠦᠬᠡ᠂ ᠢᠦᠢ ᠵᠢᠢ ᠱᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠲᠣᠭᠲᠠᠭᠠᠯ ᠢ ᠡᠷᠡᠰ ᠳᠠᠭᠠᠨ᠎ᠠ ᠭᠡᠵᠦ ᠢᠯᠡᠳᠬᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠢᠭᠡ ᠨᠢᠭᠡ ᠠᠯᠬᠤᠮ ᠵᠠᠯᠭᠠᠨ ᠠᠵᠢᠯᠯᠠᠵᠤ᠂ ᠬᠤᠪᠢ ᠳᠠᠬᠢᠨ ᠴᠢᠷᠮᠠᠶᠢᠨ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠲᠡᠭᠡᠯ ᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ᠂ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ  ᠭᠡᠪᠡ᠃    ᠬᠤᠷᠠᠯ ᠠᠴᠠ ᠴᠢᠩᠭᠠᠳᠬᠠᠭᠰᠠᠨ ᠨᠢ ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠲᠡᠷᠢᠭᠦᠨ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠭᠤᠣᠯ ᠠᠵᠢᠯ ᠤᠨ ᠠᠭᠤᠰᠤᠯᠴᠠᠨ ᠤᠷᠤᠭᠰᠢᠯᠠᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠬᠦᠳᠦᠯᠦᠨ ᠳᠠᠭᠠᠭᠤᠯᠬᠤ ᠬᠡᠷᠡᠭᠲᠡᠢ᠃ ᠠᠵᠤ ᠠᠬᠤᠢ ᠶᠢᠨ ᠶᠡᠷᠦᠩᠬᠡᠢ  ᠬᠡᠮᠵᠢᠶ᠎ᠡ ᠶᠢ ᠪᠤᠵᠠᠭᠠᠶᠢᠷᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠦᠢᠯᠡᠰ ᠢ ᠪᠤᠶᠢᠵᠢᠭᠤᠯᠵᠤ᠂ ᠲᠣᠭᠲᠠᠭᠤᠨ ᠢᠶᠠᠷ ᠠᠵᠢᠯᠯᠠᠬᠤ ᠬᠡᠷᠡᠭᠲᠡᠢ᠃ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠠᠷ ᠨᠢᠭᠡᠳᠦᠭᠡᠷ ᠬᠠᠷᠢᠭᠤᠴᠠᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠶᠢᠭᠡᠮ ᠤᠨ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠨᠢᠭᠡᠳᠦᠭᠡᠷ ᠤᠷᠢᠲᠠᠯ ᠪᠣᠯᠭᠠᠬᠤ ᠶᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠪᠠᠷ ᠨᠢᠭᠡᠳᠦᠭᠡᠷ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠳᠤᠯᠠᠭᠠᠯᠠᠬᠤ ᠢᠨᠵᠧᠨᠧᠷᠢᠩ︾ ᠢ ᠲᠦᠷᠭᠡᠨ ᠬᠡᠷᠡᠭᠵᠢᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯ ᠤᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠪᠡ ᠃    ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ  ᠵᠦᠪᠯᠡᠯ ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠪᠤᠰᠤᠳ ᠲᠢᠩᠬᠢᠮ ᠤᠨ ᠲᠠᠰ ᠤᠨ ᠺᠠᠳ᠋ᠷ︔ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠨᠠᠮ ᠤᠨ ᠬᠤᠷᠢᠶ᠎ᠠ ᠶᠢᠨ ᠡᠯ᠎ᠡ ᠶᠠᠮᠤᠨ ᠬᠤᠷᠢᠶ᠎ᠠ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ ᠤᠨ ᠠᠯᠪᠠᠨ ᠬᠡᠷ ᠲᠣᠪᠴᠢᠶ᠎ᠠ᠂  ᠲᠦᠪ ᠪᠠ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠪᠣᠯᠤᠨ  ᠤᠯᠠᠭᠠᠨᠬᠤᠳᠠ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠴᠡᠷᠢᠭ ᠠᠩᠭᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号