1 — 5 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2024/7/1
     1 — 5 ᠳ᠋ᠤᠭᠠᠷ ᠰᠠᠷ᠎ᠠ ᠳᠤ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 651.3 ᠲᠦᠮᠡᠨ ᠺᠢᠯᠣᠸᠠᠲ ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ ᠳᠡᠭᠡᠭᠰᠢᠯᠡᠭᠡᠳ 69.4% ᠪᠣᠯᠵᠣ᠂ ᠲᠦᠷᠦᠭᠦᠤ ᠵᠢᠯ ᠤᠨ ᠡᠴᠦᠰ ᠤᠨ ᠬᠢ ᠠᠴᠠ 0.7 ᠵᠠᠭᠤᠨ ᠤ ᠨᠢᠭᠡᠴᠢ ᠳᠡᠭᠡᠭᠰᠢᠯᠡᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ᠪᠠᠷᠤᠭ 2 ᠳᠠᠬᠢᠨ ᠲᠠᠢ ᠲᠡᠩᠴᠡᠪᠡ᠃ ᠪᠥᠬᠦ ᠠᠶᠢᠮᠠᠭ ᠤᠨ ᠲᠣᠭᠲᠠᠭᠠᠭᠰᠠᠨ ᠠᠵᠤ  ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 70.0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.5% ᠨᠡᠮᠡᠭᠳᠡᠪᠡ︔ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠦ ᠴᠠᠬᠢᠯᠭᠠᠨ ᠭᠠᠷᠭᠠᠬᠤ ᠬᠡᠮᠵᠢᠶ᠎ᠡ ᠶᠢᠨ 59.0% ᠶᠢ ᠡᠵᠡᠯᠡᠨ᠎ᠡ᠃ ᠭᠠᠵᠠᠷ ᠣᠷᠣᠨ ᠢᠶᠠᠷ ᠬᠤᠪᠢᠶᠠᠵᠤ ᠦᠵᠡᠪᠡᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 29.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 245.2% ᠢᠶᠠᠷ ᠨᠡᠮᠡᠭᠳᠡᠨ᠂ ᠴᠠᠬᠢᠯᠭᠠᠨ ᠭᠠᠷᠭᠠᠭᠰᠠᠨ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠠᠶᠢᠮᠠᠭ ᠤᠨ ᠲᠡᠷᠢᠭᠦᠨ ᠳᠤ ᠣᠷᠣᠵᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠳᠤ ᠦᠵᠡᠭᠦᠯᠦᠭᠰᠡᠨ ᠬᠤᠪᠢ ᠨᠡᠮᠡᠷᠢ ᠶᠢᠨ ᠨᠡᠮᠡᠭᠳᠡᠯ ᠤᠨ ᠬᠡᠮᠵᠢᠶ᠎ᠡ ᠨᠢ ᠠᠷᠪᠠᠨ ᠤ ᠨᠠᠶ᠋ᠮᠠᠨ ᠬᠤᠪᠢ ᠠᠴᠠ ᠳᠡᠭᠡᠭᠰᠢ ᠪᠣᠯᠵᠠᠶ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号