​1 — 5 ᠰᠠᠷ᠎ᠠ ᠳᠤ ᠬᠢᠩᠭᠠᠨ ᠠᠶᠢᠮᠠᠭ ᠤᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠲᠦᠷᠭᠡᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2024/7/1
     ᠡᠨᠡ ᠵᠢᠯ ᠠᠴᠠ ᠨᠠᠰᠢ᠂ ᠬᠢᠩᠭᠠᠨ ᠠᠶᠢᠮᠠᠭ ᠤᠨ ᠬᠢᠨ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠨ ᠪᠠᠶᠢᠷᠢᠰᠢᠭᠤᠯᠵᠤ᠂ ᠡᠨᠧᠷᠭᠢ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠡᠨᠧᠷᠭᠢ ᠶᠢᠨ ᠠᠵᠤ ᠠᠬᠤᠢ ᠶᠢ ᠲᠦᠷᠭᠡᠨ ᠬᠥᠭᠵᠢᠭᠦᠯᠵᠡᠢ᠃    ᠡᠨᠧᠷᠭᠢ ᠶᠢᠨ ᠰᠤᠷᠪᠤᠯᠵᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠦᠵᠡᠭᠦᠯᠬᠦ ᠬᠤᠪᠢ ᠨᠡᠮᠡᠷᠢ ᠢᠯᠡᠳᠲᠡ ᠳᠡᠭᠡᠭᠰᠢᠯᠡᠪᠡ᠃ 1 — 5 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.3% ᠨᠡᠮᠡᠭᠳᠡᠵᠦ᠂ ᠡᠨᠧᠷᠭᠢ ᠶᠢᠨ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 140.2% ᠪᠠᠶᠢᠵᠤ᠂ 1 — 4 ᠳ᠋ᠦ᠋ᠭᠡᠷ ᠰᠠᠷ᠎ᠠ ᠶᠢᠨ ᠬᠢ ᠠᠴᠠ 41.1 ᠵᠠᠭᠤᠨ ᠤ ᠨᠢᠭᠡᠴᠢ ᠳᠡᠭᠡᠭᠰᠢᠯᠡᠵᠡᠶ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 28.4% ᠨᠡᠮᠡᠭᠳᠡᠵᠦ᠂ ᠪᠥᠬᠦ ᠣᠷᠣᠨ ᠤ ᠬᠢ ᠠᠴᠠ 16.1 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠠᠶᠢᠮᠠᠭ ᠤᠨ ᠳᠠᠪᠠᠭᠤᠯᠢᠭ ᠤᠯᠠᠮ ᠨᠢᠭᠡ ᠠᠯᠬᠤᠮ ᠥᠷᠭᠡᠳᠴᠡᠶ᠃ ᠡᠨᠧᠷᠭᠢ ᠶᠢᠨ ᠰᠤᠷᠪᠤᠯᠵᠢ ᠶᠢᠨ ᠭᠤᠣᠯ ᠭᠤᠣᠯ ᠦᠢᠯᠡᠳᠬᠦᠨ ᠤ ᠭᠠᠷᠤᠯᠲᠠ ᠶᠢ 1 — 5 ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠭᠰᠠᠨ ᠬᠡᠮᠵᠢᠶ᠎ᠡ 118.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.9% ᠪᠠᠷ ᠨᠡᠮᠡᠭᠳᠡᠪᠡ᠃ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 32.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.0% ᠨᠡᠮᠡᠭᠳᠡᠵᠡᠶ᠂ ᠡᠭᠦᠨ ᠳᠤ᠂ ᠠᠵᠤ  ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 19.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.8% ᠨᠡᠮᠡᠭᠳᠡᠵᠡᠶ᠃    ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠬᠠᠨᠳᠤᠰᠢ ᠬᠦᠴᠦᠲᠡᠶ ᠪᠠᠶᠢᠨ᠎ᠠ᠃ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ 938.9 ᠲᠦᠮᠡᠨ ᠺᠢᠯᠣᠸᠠᠲ ᠲᠤ ᠬᠦᠷᠴᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 651.3 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 69.4% ᠶᠢ ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 70.0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.5% ᠪᠠᠷ ᠨᠡᠮᠡᠭᠳᠡᠨ᠂ ᠶᠡᠷᠦᠩᠬᠡᠶ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 59.0% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.5 ᠵᠠᠭᠤᠨ ᠤ ᠨᠢᠭᠡᠴᠢ ᠳᠡᠭᠡᠭᠰᠢᠯᠡᠵᠡᠶ᠃     
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号