| | | | 1 — 5 ᠰᠠᠷ᠎ᠠ ᠳᠤ᠂ ᠪᠥᠬᠦ ᠠᠶᠢᠮᠠᠭ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠢᠶ᠎ᠠ | ᠪᠥᠬᠦᠶ ᠭᠦᠢᠴᠡᠳᠭᠡᠯ ᠲᠤᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠪᠠᠨ ᠪᠠᠲᠤᠯᠠᠵᠤ᠂ ᠰᠢᠨ᠎ᠡ | ᠡᠨᠧᠷᠭᠢ᠂ ᠰᠢᠨ᠎ᠡ ᠦᠢᠯᠡᠳᠭᠦᠨ ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠲᠠᠯ᠎ᠠ ᠪᠠᠷ ᠰᠠᠶᠢᠨ | ᠢᠯᠡᠷᠡᠯ ᠲᠠᠢ ᠪᠠᠶᠢᠵᠤ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ | ᠨᠡᠮᠡᠷᠢᠯᠡᠪᠡ᠃ ᠨᠢᠭᠡ ᠳᠤ ᠰᠢᠨ᠎ᠡ ᠬᠥᠳᠡᠯᠭᠡᠭᠴᠢ ᠡᠨᠧᠷᠭᠢ ᠲᠣᠭᠲᠠᠭᠤᠨ ᠢᠶᠠᠷ ᠴᠢᠩᠭᠠᠷᠠᠪᠠ᠃ 1 — 5 ᠳ᠋ᠤᠭᠠᠷ | ᠰᠠᠷ᠎ᠠ ᠳᠤ᠂ ᠪᠥᠬᠦ ᠠᠶᠢᠮᠠᠭ ᠤᠨ ᠲᠣᠭᠲᠠᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠤᠨ | ᠣᠷᠳᠣ ᠨᠢ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠲᠣᠭᠲᠠᠭᠠᠭᠰᠠᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 0.8 ᠵᠠᠭᠤᠨ ᠤ ᠨᠢᠭᠡᠴᠢ ᠳᠠᠶᠢᠴᠢᠯᠠᠪᠠ︔ | ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠨᠡᠶᠢᠲᠡ 70.0 | ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 59.5% ᠪᠠᠷ | ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ ᠶᠢᠨ 59. | 0% ᠶᠢ ᠡᠵᠡᠯᠡᠪᠡ︔ ᠬᠤᠶᠠᠷ ᠲᠤ ᠰᠢᠨ᠎ᠡ ᠦᠢᠯᠡᠳᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ | ᠨᠡᠮᠡᠭᠳᠡᠭᠦᠯᠪᠡ᠃ 1 — 5 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠢᠵᠠᠭᠠᠷᠯᠠᠭᠰᠠᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 66.1% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 4 ᠳ᠋ᠤᠭᠡᠷ ᠰᠠᠷ᠎ᠠ ᠶᠢᠨ ᠬᠢ ᠠᠴᠠ ᠦᠷᠭᠦᠯᠵᠢᠯᠡᠨ 15.3 | ᠵᠠᠭᠤᠨ ᠤ ᠨᠢᠭᠡᠴᠢ ᠲᠦᠷᠭᠡᠨ ᠪᠣᠯᠵᠣ᠂ 15 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠠᠴᠠ ᠳᠡᠭᠡᠭᠰᠢ ᠳᠡᠭᠡᠳᠦ | ᠬᠤᠷᠳᠤᠴᠠ ᠪᠠᠷ ᠨᠡᠮᠡᠭᠳᠡᠵᠦ᠂ ᠬᠢᠵᠠᠭᠠᠷᠯᠠᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠳᠤ ᠡᠵᠡᠯᠡᠬᠦ | ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 5.9% ᠪᠠᠶᠢᠭᠰᠠᠨ ᠠᠴᠠ ᠪᠠᠨ 14.5% | ᠪᠣᠯᠤᠨ ᠳᠡᠭᠡᠭᠰᠢᠯᠡᠵᠡᠶ᠃ ᠭᠤᠷᠪᠠ ᠳᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠪᠴᠢᠶ᠎ᠡ ᠠᠯᠬᠤᠮ | ᠠᠯᠬᠤᠮ ᠢᠶᠠᠷ ᠪᠤᠵᠠᠭᠠᠶᠢᠷᠠᠪᠠ᠃ 1 — 5 ᠰᠠᠷ᠎ᠠ ᠳᠤ᠂ ᠪᠥᠬᠦ ᠠᠶᠢᠮᠠᠭ ᠤᠨ ᠣᠯᠠᠨ ᠨᠡᠶᠢᠲᠡ ᠶᠢᠨ ᠰᠦᠯᠵᠢᠶ᠎ᠡ ᠪᠠᠷ | ᠳᠡᠮᠵᠢᠨ ᠪᠡᠶᠡᠯᠡᠭᠦᠯᠦᠭᠰᠡᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 22. | 1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ | 74.3 ᠵᠠᠭᠤᠨ ᠤ ᠨᠢᠭᠡᠴᠢ ᠳᠡᠭᠡᠭᠰᠢᠯᠡᠵᠡᠶ᠃ | |