1 — 5 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ︽ᠬᠤᠶᠠᠷ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/7/1
     ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠨᠧᠷᠭᠢ ᠶᠢᠨ ᠰᠠᠭᠤᠷᠢᠨ ᠭᠠᠵᠠᠷ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ   ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠲᠠᠰᠤᠷᠠᠯᠲᠠ ᠥᠬᠡᠶ ᠰᠠᠭᠤᠷᠢ ᠲᠠᠯᠪᠢᠵᠤ ᠡᠨᠧᠷᠭᠢ ᠬᠠᠳᠠᠭᠠᠯᠠᠵᠤ᠂ ᠬᠥᠭᠵᠢᠯᠲᠡ ᠶᠢ ᠰᠠᠶᠢᠵᠢᠷᠠᠭᠤᠯᠤᠨ᠎ᠠ᠃    ᠡᠨᠧᠷᠭᠢ ᠶᠢᠨ ᠰᠠᠭᠤᠷᠢᠨ ᠤ ᠲᠠᠯ᠎ᠠ ᠪᠠᠷ᠂ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠤᠯᠠᠮ ᠯᠠᠪᠳᠠᠭᠤᠨ ᠪᠥᠭᠡᠳ ᠬᠦᠴᠦᠨ ᠲᠠᠢ ᠪᠣᠯᠪᠠ᠃ 1 — 5 ᠰᠠᠷ᠎ᠠ ᠳᠤ᠂ ᠪᠥᠬᠦ ᠠᠶᠢᠮᠠᠭ ᠤᠨ ᠲᠣᠭᠲᠠᠭᠠᠭᠰᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ 70.0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.5% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠲᠣᠭᠲᠠᠭᠠᠭᠰᠠᠨ ᠴᠠᠬᠢᠯᠭᠠᠨ ᠭᠠᠷᠭᠠᠬᠤ ᠬᠡᠮᠵᠢᠶ᠎ᠡ ᠶᠢᠨ 59.0% ᠶᠢ ᠡᠵᠡᠯᠡᠵᠦ᠂ ᠡᠵᠡᠯᠡᠬᠦ ᠬᠠᠷᠢᠴᠠᠯ ᠨᠢ ᠠᠳᠠᠯᠢ ᠬᠤᠭᠤᠴᠠᠭᠠᠨ ᠤ ᠬᠢ ᠠᠴᠠ 7.8 ᠵᠠᠭᠤᠨ ᠤ ᠨᠢᠭᠡᠴᠢ ᠳᠡᠭᠡᠭᠰᠢᠯᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠨᠡᠮᠡᠭᠳᠡᠯ ᠤᠨ ᠬᠤᠷᠳᠤᠴᠠ ᠪᠠ ᠡᠵᠡᠯᠡᠬᠦ ᠬᠠᠷᠢᠴᠠᠯ ᠨᠢ ᠴᠥᠮ ᠲᠣᠪᠤᠶᠢᠮ᠎ᠠ ᠢᠯᠡᠷᠡᠯ ᠲᠠᠢ ᠪᠣᠯᠵᠣ ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠣᠭᠲᠠᠭᠤᠨ ᠢᠶᠠᠷ ᠠᠬᠢᠪᠠ᠃  ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ ᠶᠢᠨ 1 — 5 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠬᠦ  ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.2% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ 0.8 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠵᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠶᠡᠷᠦᠩᠬᠡᠶ ᠬᠡᠮᠵᠢᠶ᠎ᠡ ᠶᠢᠨ ᠬᠤᠪᠢ ᠶᠢᠨ ᠵᠢᠩ ᠨᠢ 4.2% ᠪᠣᠯᠪᠠ︔ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.7 ᠳᠠᠬᠢᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 163.5 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 13.2 ᠵᠠᠭᠤᠨ ᠤ ᠨᠢᠭᠡᠴᠢ ᠳᠠᠶᠢᠴᠢᠯᠠᠪᠠ᠂ ᠡᠭᠦᠨ ᠳᠤ ᠲᠠᠷᠢᠶᠠᠯᠠᠩ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.7 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 13.7 ᠵᠠᠭᠤᠨ ᠤ ᠨᠢᠭᠡᠴᠢ ᠳᠠᠶᠢᠴᠢᠯᠠᠪᠠ᠃ ᠲᠠᠷᠢᠶᠠᠯᠠᠩ ᠮᠠᠯ ᠠᠵᠤ ᠠᠬᠤᠶ ᠶᠢᠨ ᠣᠷᠣᠭᠤᠯᠤᠯᠲᠠ ᠭᠠᠷᠭᠠᠯᠲᠠ ᠦᠷᠭᠦᠯᠵᠢᠯᠡᠨ ᠨᠡᠮᠡᠭᠳᠡᠵᠦ᠂ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠳᠠᠰᠢ ᠲᠠᠰᠤᠷᠠᠯᠲᠠ ᠥᠬᠡᠶ ᠲᠣᠭᠲᠠᠭᠤᠨ ᠢᠶᠠᠷ ᠠᠭᠢᠪᠠ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号