| | | 1 — 5 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠵᠦ᠂ ᠮᠥᠨ ᠬᠦ ᠳᠡᠭᠡᠳᠦ | ᠬᠤᠷᠳᠤᠴᠠ ᠪᠠᠷ ᠨᠡᠮᠡᠭᠳᠡᠬᠦ ᠬᠠᠨᠳᠤᠰᠢ ᠪᠠᠨ ᠪᠠᠲᠤᠯᠠᠵᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 7.5 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ | ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 34.6% ᠨᠡᠮᠡᠭᠳᠡᠵᠦ᠂ | ᠴᠠᠬᠢᠯᠭᠠᠨ ᠬᠦᠴᠦᠨ ᠤ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 12.2% ᠨᠡᠮᠡᠭᠳᠡᠵᠡᠶ᠃ | ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ | ᠬᠡᠮᠵᠢᠶ᠎ᠡ ᠨᠡᠶᠢᠲᠡ 118.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41. | 9% ᠪᠠᠷ ᠨᠡᠮᠡᠭᠳᠡᠪᠡ᠃ ᠴᠠᠬᠢᠯᠭᠠᠨ ᠬᠦᠴᠦᠨ ᠤ ᠠᠵᠤ ᠦᠢᠯᠡᠳᠪᠦᠷᠢ ᠦᠷᠭᠦᠯᠵᠢᠯᠡᠨ ᠳᠡᠭᠡᠳᠦ ᠬᠤᠷᠳᠤᠴᠠ ᠪᠠᠷ | ᠨᠡᠮᠡᠭᠳᠡᠬᠦ ᠶᠢ ᠪᠠᠲᠤᠯᠠᠵᠤ᠂ ᠨᠢᠭᠡᠨᠲᠡ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠭᠤᠣᠯ ᠬᠥᠳᠡᠯᠭᠡᠭᠦᠷ ᠪᠣᠯᠵᠠᠢ᠃ | | |