1 — 5 ᠰᠠᠷ᠎ᠠ ᠳᠤ ᠬᠢᠩᠭᠠᠨ ᠠᠶᠢᠮᠠᠭ ᠤᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/7/1
     1 — 5 ᠰᠠᠷ᠎ᠠ ᠳᠤ᠂ ᠪᠥᠬᠦ ᠠᠶᠢᠮᠠᠭ ᠤᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 32.45 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.0% ᠨᠡᠮᠡᠭᠳᠡᠵᠡᠶ ᠃ ᠡᠭᠦᠨ ᠳᠤ᠂ 5 ᠰᠠᠷ᠎ᠠ ᠳᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 5.87 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠰᠠᠷ᠎ᠠ ᠶᠢᠨ ᠬᠢ ᠠᠴᠠ 0.9 ᠵᠠᠭᠤᠨ ᠤ ᠨᠢᠭᠡᠴᠢ ᠳᠡᠭᠡᠭᠰᠢᠯᠡᠵᠡᠶ᠃    ᠠᠵᠤ  ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ  ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1.83 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.9% ᠪᠠᠷ ᠨᠡᠮᠡᠭᠳᠡᠪᠡ︔ ᠬᠤᠶᠠᠳᠤᠭᠠᠷ ᠠᠵᠤ  ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 19.88 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.0% ᠨᠡᠮᠡᠭᠳᠡᠪᠡ︔ ᠭᠤᠷᠪᠠᠳᠤᠭᠠᠷ ᠠᠵᠤ  ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 5.54 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 5.21 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ᠃    ᠭᠠᠵᠠᠷ ᠣᠷᠣᠨ ᠬᠤᠪᠢᠶᠠᠵᠤ ᠦᠵᠡᠪᠡᠯ᠂ ᠪᠣᠶ ᠪᠥᠬᠦᠶ ᠭᠠᠵᠠᠷ ᠣᠷᠣᠨ ᠳᠤ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ ᠪᠠᠶᠢᠨ᠎ᠠ᠃ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠷᠠᠰᠢᠶᠠᠨ ᠬᠤᠲᠠ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠣᠰ ᠲᠣᠰ ᠠᠳᠠᠯᠢ ᠬᠤᠭᠤᠴᠠᠭᠠᠨ ᠤ ᠬᠢ ᠠᠴᠠ 25.7%᠂ 12.8%᠂ 10.6%᠂ 10.6%᠂ 4.4%᠂ 2.1% ᠨᠡᠮᠡᠭᠳᠡᠪᠡ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号