1 — 5 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.2% ᠨᠡᠮᠡᠭᠳᠡᠪᠡ
ᠨᠡᠶᠢᠲᠡᠯᠡᠭᠰᠡᠨ ᠴᠠᠭ᠄
2024/7/1
     1 — 5 ᠳ᠋ᠤᠭᠠᠷ ᠰᠠᠷ᠎ᠠ ᠳᠤ᠂ ᠬᠢᠩᠭᠠᠨ ᠠᠶᠢᠮᠠᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠳᠤ 8.95 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 51.2% ᠢᠶᠠᠷ ᠨᠡᠮᠡᠭᠳᠡᠪᠡ᠃    ᠪᠦᠲᠦᠴᠡ ᠪᠠᠷ ᠨᠢ ᠬᠤᠪᠢᠶᠠᠪᠠᠯ᠂ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠠᠯᠠ ᠣᠷᠣᠭᠤᠯᠤᠯᠲᠠ 7.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.4% ᠪᠠᠷ ᠨᠡᠮᠡᠭᠳᠡᠨ᠂ ᠪᠥᠬᠦ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 36.7 ᠵᠠᠭᠤᠨ ᠤ ᠨᠢᠭᠡᠴᠢ ᠳᠠᠶᠢᠴᠢᠯᠠᠪᠠ︔ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠳᠤ 0.02 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠨ᠂ ᠪᠥᠬᠦ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 0.01 ᠬᠤᠪᠢ ᠨᠡᠮᠡᠭᠳᠡᠭᠦᠯᠬᠦ ᠪᠠᠷ ᠳᠠᠶᠢᠴᠢᠯᠠᠪᠠ︔ ᠪᠤᠰᠤᠳ ᠵᠠᠷᠤᠳᠠᠯ 1.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 163.8% ᠪᠠᠷ ᠨᠡᠮᠡᠭᠳᠡᠨ᠂ ᠪᠥᠬᠦ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 14.5 ᠵᠠᠭᠤᠨ ᠤ ᠨᠢᠭᠡᠴᠢ ᠳᠠᠶᠢᠴᠢᠯᠠᠪᠠ᠃    ᠢᠨᠵᠧᠨᠧᠷᠢᠩ ᠤᠨ ᠬᠡᠷᠡᠭᠴᠡᠭᠡ ᠠᠴᠠ ᠦᠵᠡᠪᠡᠯ᠂ ᠲᠠᠸᠠᠷ ᠤᠨ ᠣᠷᠣᠨ ᠰᠠᠭᠤᠴᠠ ᠶᠢᠨ ᠪᠠᠯᠠ ᠣᠷᠣᠭᠤᠯᠤᠯᠲᠠ 7.61 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.7% ᠪᠠᠷ ᠨᠡᠮᠡᠭᠳᠡᠪᠡ︔ ᠲᠠᠸᠠᠷ ᠤᠨ ᠪᠤᠰᠤ ᠣᠷᠣᠨ ᠰᠠᠭᠤᠴᠠ ᠶᠢᠨ ᠪᠠᠯᠠ ᠣᠷᠣᠭᠤᠯᠤᠯᠲᠠ 1.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号