| | ᠰᠢ ᠶᠢᠨ ᠫᠢᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠴᠠᠭᠢᠯᠭᠠᠨ ᠶᠠᠪᠤᠭᠤᠯᠵᠤ ᠰᠠᠷᠠᠨ ᠪᠥᠮᠪᠥᠷᠴᠡᠭ ᠢ | ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠲᠡᠭᠦᠰ ᠠᠮᠵᠢᠯᠲᠠ ᠣᠯᠣᠭᠰᠠᠨ ᠳᠤ | ᠪᠠᠶᠠᠷ ᠬᠦᠷᠭᠡᠪᠡ | ᠳ᠋ᠢᠩ ᠰᠢᠤᠸᠠᠢ ᠰᠢᠶᠠᠩ ᠪᠡᠭᠡᠵᠢᠩ ᠳᠤ ᠪᠤᠴᠠᠯᠲᠠ ᠶᠢᠨ ᠮᠠᠰᠢᠨ ᠤ ᠭᠠᠵᠠᠷᠳᠠᠵᠤ ᠬᠤᠷᠢᠶᠠᠨ ᠠᠪᠤᠭᠰᠠᠨ ᠪᠠᠶᠢᠳᠠᠯ ᠢ | ᠦᠵᠡᠪᠡ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 25 ᠤ ᠴᠠᠭᠢᠯᠭᠠᠨ ᠮᠡᠳᠡᠭᠡ︶ 6 ᠰᠠᠷ᠎ᠠ ᠶᠢᠨ | 25 ᠤ ᠡᠳᠦᠷ ᠤᠨ 14 ᠴᠠᠭ 7 ᠮᠢᠨᠦ᠋ᠲ ᠲᠤ ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠰᠠᠷᠠᠨ | ᠪᠥᠮᠪᠥᠷᠴᠡᠭ ᠤᠨ ᠠᠷᠤ ᠲᠠᠯ᠎ᠠ ᠠᠴᠠ ᠠᠪᠤᠭᠰᠠᠨ ᠥᠯᠢᠭᠡᠷ ᠢᠶᠠᠨ ᠠᠪᠴᠤ ᠥᠪᠥᠷ ᠮᠣᠩᠭᠤᠯ ᠤᠨ ᠳᠥᠷᠪᠡᠳ | ᠬᠤᠰᠢᠭᠤᠨ ᠤ ᠤᠷᠢᠳᠴᠢᠯᠠᠨ ᠲᠣᠭᠲᠠᠭᠠᠭᠰᠠᠨ ᠣᠷᠣᠨ ᠳᠤ ᠠᠮᠤᠷ ᠲᠦᠪᠰᠢᠨ ᠢᠶᠠᠷ ᠭᠠᠵᠠᠷᠳᠠᠪᠠ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠭᠢᠯᠭᠠᠨ ᠢᠯᠡᠭᠡᠵᠦ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ | ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ | ᠵᠢᠯᠤᠭᠤᠳᠬᠤ ᠬᠡᠯᠲᠡᠰ ᠪᠠ ᠴᠠᠩ ᠧ ᠵᠢᠷᠭᠤᠳᠤᠭᠠᠷ ᠤᠨ ᠡᠭᠦᠷᠭᠡ ᠳᠤ ᠣᠷᠣᠯᠴᠠᠬᠰᠠᠨ ᠪᠦᠭᠦ ᠨᠥᠬᠦᠳ ᠲᠤ | ᠬᠠᠯᠠᠭᠤᠨ ᠪᠠᠶᠠᠷ ᠬᠦᠷᠭᠡᠭᠰᠡᠨ ᠪᠥᠭᠡᠳ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠪᠠᠶᠠᠷ ᠤᠨ ᠴᠠᠭᠢᠯᠭᠠᠨ ᠳᠠᠭᠠᠨ᠂ ᠴᠠᠩ ᠧ ᠵᠢᠷᠭᠤᠳᠤᠭᠠᠷ ᠪᠣᠯ ᠬᠥᠮᠥᠨ ᠲᠥᠷᠥᠯᠬᠢᠲᠡᠨ ᠤ | ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠶᠢ | ᠪᠡᠶᠡᠯᠡᠭᠦᠯᠦᠭᠰᠡᠨ ᠶᠠᠪᠤᠳᠠᠯ ᠪᠠᠶᠢᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠣᠯᠣᠭᠰᠠᠨ ᠪᠠᠰᠠ | ᠨᠢᠭᠡᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠣᠨ᠎ᠠ᠃ 20 ᠵᠢᠯ ᠤᠨ ᠲᠤᠷᠰᠢ ᠰᠠᠷᠠᠨ ᠪᠥᠮᠪᠥᠷᠴᠡᠭ ᠢ | ᠬᠠᠶᠢᠨ ᠰᠢᠨᠵᠢᠯᠡᠬᠦ ᠢᠨᠵᠧᠨᠧᠷᠢᠩ ᠢ ᠰᠤᠳᠤᠯᠤᠨ ᠦᠢᠯᠡᠳᠬᠦ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠪᠦᠭᠦ | ᠨᠥᠬᠦᠳ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠨᠣᠶᠠᠨ ᠤᠷᠭᠢᠯ ᠳᠤ ᠵᠣᠷᠢᠭᠲᠠᠢ ᠠᠪᠠᠷᠢᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠴᠢᠬᠤᠯᠠ ᠶᠡᠭᠡ ᠠᠮᠵᠢᠯᠲᠠ ᠣᠯᠵᠤ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠴᠢᠨᠠᠷ ᠰᠠᠶᠢᠲᠠᠢ᠂ ᠦᠷ᠎ᠡ ᠠᠰᠢᠭ | ᠰᠠᠶᠢᠲᠠᠢ ᠵᠠᠮ ᠢ ᠨᠡᠭᠡᠭᠡᠵᠡᠢ᠃ ᠲᠠ ᠨᠠᠷ ᠤᠨ ᠦᠵᠡᠭᠦᠯᠦᠭᠰᠡᠨ ᠲᠣᠪᠤᠶᠢᠮ᠎ᠠ ᠬᠤᠪᠢ ᠨᠡᠮᠡᠷᠢ ᠶᠢ ᠡᠬᠡ ᠤᠯᠤᠰ ᠪᠠ | ᠠᠷᠠᠳ ᠲᠦᠮᠡᠨ ᠥᠨᠢ ᠡᠭᠦᠷᠢᠳᠡ ᠪᠠᠲᠤ ᠴᠡᠭᠡᠵᠢᠯᠡᠬᠦ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠠ ᠨᠠᠷ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ | ᠦᠯᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ | ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ | ᠬᠡᠷᠡᠭᠵᠢᠭᠦᠯᠵᠦ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠰᠠᠷ ᠤᠨ ᠠᠶᠠᠯᠠᠯ ᠤᠨ | ᠬᠦᠴᠦᠷᠬᠡᠭ ᠤᠯᠤᠰ ᠤᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠵᠤ᠂ ᠣᠷᠴᠢᠯᠠᠩ ᠤᠨ ᠨᠢᠭᠤᠴᠠ ᠶᠢ ᠬᠠᠶᠢᠨ | ᠰᠦᠪᠡᠭᠴᠢᠯᠡᠬᠦ᠂ ᠬᠥᠮᠥᠨ ᠲᠥᠷᠥᠯᠬᠢᠲᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠲᠠᠭᠢᠨ ᠰᠢᠨ᠎ᠡ ᠭᠠᠪᠢᠶ᠎ᠠ | ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠡᠭᠡᠵᠢᠩ ᠤᠨ ᠰᠠᠨᠰᠠᠷ ᠤᠨ | ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠴᠠᠩ ᠧ ᠵᠢᠷᠭᠤᠳᠤᠭᠠᠷ ᠤᠨ ᠡᠭᠦᠷᠭᠡ ᠶᠢᠨ ᠪᠤᠴᠠᠯᠲᠠ ᠶᠢᠨ | ᠮᠠᠰᠢᠨ ᠤ ᠭᠠᠵᠠᠷᠳᠠᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠲᠤᠬᠠᠢ ᠶᠢᠨ ᠲᠠᠯᠠᠪᠠᠢ ᠳᠤ ᠰᠢ ᠶᠢᠨ ᠫᠢᠩ ᠤᠨ | ᠪᠠᠶᠠᠷ ᠤᠨ ᠴᠠᠭᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃ | ᠴᠠᠩ ᠧ ᠵᠢᠷᠭᠤᠳᠤᠭᠠᠷ ᠤᠨ ᠡᠭᠦᠷᠭᠡ ᠨᠢ ᠬᠠᠷᠪᠤᠭᠰᠠᠨ ᠠᠴᠠ ᠠᠪᠤᠭᠠᠳ 53 ᠡᠳᠦᠷ᠂ 11 ᠨᠢᠰᠦᠯᠲᠡ ᠶᠢᠨ | ᠱᠠᠲᠤ ᠦᠶ᠎ᠡ ᠶᠢ ᠥᠩᠭᠡᠷᠡᠭᠡᠵᠦ᠂ ᠰᠠᠷᠠᠨ ᠪᠥᠮᠪᠥᠷᠴᠡᠭ ᠤᠨ ᠰᠥᠷᠭᠡᠦ ᠲᠣᠭᠤᠷᠢᠯᠲᠠ ᠶᠢᠨ ᠵᠠᠮ ᠢ ᠵᠢᠷᠤᠵᠤ | ᠲᠥᠯᠥᠪᠯᠡᠬᠦ ᠪᠠ ᠡᠵᠡᠮᠳᠡᠬᠦ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠣᠶᠤᠨᠴᠢ ᠪᠠᠷ ᠲᠦᠷᠭᠡᠨ ᠥᠯᠢᠭᠡᠷ ᠠᠪᠬᠤ | ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠨᠢᠰᠴᠦ ᠬᠥᠭᠡᠷᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ | ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠶᠢᠨ ᠥᠯᠢᠭᠡᠷ ᠢ ᠣᠯᠣᠭᠰᠠᠨ ᠪᠥᠭᠡᠳ 4 ᠰᠠᠭᠤᠷᠢ ᠣᠯᠠᠨ | ᠤᠯᠤᠰ ᠤᠨ ᠠᠴᠢᠶ᠎ᠠ ᠶᠢ ᠠᠴᠢᠶᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠣᠯᠠᠨ ᠤᠯᠤᠰ ᠤᠨ | ᠬᠠᠮᠲᠤᠷᠠᠯᠴᠠᠭ᠎ᠠ ᠶᠢ ᠥᠷᠨᠢᠭᠦᠯᠪᠡ᠃ | | |