ᠷᠠᠰᠢᠶᠠᠨ ᠬᠤᠲᠠ ᠪᠣᠯᠤᠨ ᠪᠡᠭᠡᠵᠢᠩ ᠬᠤᠳᠡ ᠶᠢᠨ ᠳ᠋ᠦᠩ ᠴᠧᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/7/10
            7 ᠰᠠᠷ᠎ᠠ ᠶᠢᠨ 4 ᠤ ᠡᠳᠦᠷ ᠠᠴᠠ 7 ᠰᠠᠷ᠎ᠠ ᠶᠢᠨ 5 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠧᠦ ᠶᠢᠨ ᠰᠢᠩ ᠳ᠋ᠦᠩ ᠴᠧᠩ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠷᠠᠰᠢᠶᠠᠨ ᠬᠤᠲᠠ ᠪᠠᠷ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠤᠭᠰᠠᠨ ᠪᠥᠭᠡᠳ ᠲᠤᠰᠢᠶᠠᠯ ᠡᠭᠦᠷᠭᠡᠯᠡᠭᠰᠡᠨ ᠺᠠᠳ᠋ᠷ ᠴᠢᠳᠠᠪᠤᠷᠢᠲᠠᠨ ᠢ ᠪᠣᠯᠭᠤᠭᠠᠨ ᠲᠣᠬᠤᠨᠢᠭᠤᠯᠵᠠᠢ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠸᠠᠩ ᠲᠤᠤ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠪᠠ᠃ ᠵᠧᠦ ᠶᠢᠨ ᠰᠢᠩ ᠨᠡᠷ ᠳ᠋ᠦᠩ ᠴᠧᠩ ᠲᠣᠭᠤᠷᠢᠭ ᠤᠨ ᠥᠪᠥᠷ ᠮᠣᠩᠭᠤᠯ ᠢ ᠲᠤᠰᠠᠯᠠᠬᠤ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠶᠠᠷᠢᠯᠴᠠᠬᠤ ᠬᠤᠷᠠᠯ ᠳᠤ ᠣᠷᠣᠯᠴᠠᠵᠤ ᠂ ᠤᠷᠢᠳ ᠬᠤᠵᠢᠳ ᠪᠡᠭᠡᠵᠢᠩ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠠᠰᠢᠶᠠᠨ ᠳᠠᠬᠢ ᠬᠤᠪᠢᠶᠠᠷᠢ ᠰᠤᠷᠭᠠᠭᠤᠯᠢ᠂ ᠰᠦᠯᠵᠢᠶᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ᠂ ᠷᠠᠰᠢᠶᠠᠨ ᠬᠤᠳᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠷᠠᠰᠢᠶᠠᠨ ᠪᠣᠭᠤᠮᠲᠠ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠡᠷᠭᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠤᠨ ᠠᠬᠢᠴᠠ ᠶᠢ ᠪᠠᠶᠢᠴᠠᠭᠠᠨ ᠰᠤᠳᠤᠯᠬᠤ ᠶᠢᠨ ᠬᠠᠮᠲᠤ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠠᠢ᠃ ᠠᠵᠢᠯ ᠤᠨ ᠬᠤᠭᠤᠴᠠᠭᠠᠨ ᠳᠤ᠂ ᠳ᠋ᠦᠩ ᠴᠧᠩ ᠲᠣᠭᠤᠷᠢᠭ ᠪᠣᠯᠤᠨ ᠷᠠᠰᠢᠶᠠᠨ ᠬᠤᠳᠠ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠷᠠᠰᠢᠶᠠᠨ ᠬᠤᠳᠠ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠭᠠᠵᠠᠷ ᠤᠨ 2024 ᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠡᠭᠦᠨ ᠤ ᠬᠠᠮᠲᠤ᠂ ᠳ᠋ᠦᠩ ᠴᠧᠩ ᠲᠣᠭᠤᠷᠢᠭ ᠠᠴᠠ ᠷᠠᠰᠢᠶᠠᠨ ᠬᠤᠲᠠ ᠳᠤ 830 ᠲᠦᠮᠡᠨ ᠲᠥᠭᠦᠷᠢᠭ ᠤᠨ ᠣᠷᠣᠨ ᠤ ᠲᠡᠰ ᠤᠨ ᠲᠤᠰᠠᠯᠠᠮᠵᠢ ᠶᠢᠨ ᠪᠡᠯᠡ ᠮᠥᠩᠭᠦ ᠪᠣᠯᠤᠨ 150 ᠲᠦᠮᠡᠨ ᠲᠥᠭᠦᠷᠢᠭ ᠤᠨ ᠪᠠᠴᠢᠮ ᠬᠡᠷᠡᠭᠰᠡᠬᠦ ᠡᠮ ᠤᠨ ᠵᠦᠢᠯ ᠤᠨ ᠡᠳ᠋ ᠪᠣᠳᠠᠰ ᠬᠠᠨᠳᠢᠪᠯᠠᠵᠤ᠂ ᠳᠤᠮᠳᠠᠳᠤ ᠤᠯᠤᠰ ᠤᠨ ᠦᠰᠦᠭ ᠪᠢᠴᠢᠭ ᠤᠨ ᠡᠯ᠎ᠡ ᠨᠡᠶᠢᠭᠡᠮᠯᠢᠭ ᠪᠣᠯᠤᠨ ᠭᠡᠰᠢᠭᠦᠨ ᠠᠵᠤ ᠠᠬᠤᠶᠢᠯᠠᠯ ᠴᠤ ᠬᠠᠮᠢᠶ᠎ᠠ ᠪᠦᠬᠦᠢ ᠦᠢᠯᠡᠳᠬᠦᠨ᠂ ᠲᠥᠬᠦᠭᠡᠷᠦᠮᠵᠢ ᠪᠣᠯᠤᠨ ᠪᠠᠴᠢᠮ ᠬᠡᠷᠡᠭᠰᠡᠬᠦ ᠡᠳ᠋ ᠪᠣᠳᠠᠰ ᠢ ᠬᠠᠨᠳᠢᠪᠯᠠᠪᠠ᠃ ᠳᠤᠮᠳᠠᠳᠤ ᠤᠯᠤᠰ ᠤᠨ ᠠᠷᠢᠬᠢᠨ ᠤ ᠦᠢᠯᠡᠰ ᠤᠨ ᠨᠡᠶᠢᠭᠡᠮᠯᠢᠭ ᠪᠣᠯᠤᠨ ᠷᠠᠰᠢᠶᠠᠨ ᠬᠤᠳᠠ ᠶᠢᠨ ᠮᠧᠩ ᠫᠢᠨ ᠰᠢᠯᠢᠳᠡᠭ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠬᠤᠶᠠᠷ ᠭᠠᠵᠠᠷ ᠤᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠰᠠᠶᠢᠲᠤᠷ ᠬᠢᠬᠦ ᠲᠤᠬᠠᠶ ᠵᠧᠤ ᠶᠢᠨ ᠰᠢᠩ᠂ ᠵᠣᠭᠰᠣᠴᠠ ᠪᠠᠨ ᠳᠡᠭᠡᠭᠰᠢᠯᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠶ ᠠᠬᠢᠭᠤᠯᠵᠤ᠂ ᠲᠥᠪ ᠤᠨ ᠪᠠ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠳᠠᠭᠤᠷᠢᠶᠠᠯ ᠢ ᠬᠠᠮᠲᠤ ᠪᠠᠷ ᠴᠣᠭᠴᠠᠯᠠᠬᠤ ᠬᠡᠷᠡᠭᠲᠡᠶ᠃ ︽ᠳᠥᠷᠪᠡᠨ ᠵᠦᠢᠯ ᠤᠨ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠬᠤ ᠶᠠᠰᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠦᠨ᠂ ᠠᠵᠤ ᠦᠢᠯᠡᠰ ᠢ ᠳᠡᠭᠡᠭᠰᠢᠯᠡᠭᠦᠯᠬᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠ ᠴᠢᠳᠠᠪᠤᠷᠢᠲᠠᠨ ᠢ ᠳᠡᠭᠡᠭᠰᠢᠯᠡᠭᠦᠯᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠳᠡᠭᠡᠭᠰᠢᠯᠡᠭᠦᠯᠬᠦ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠪᠣᠳᠠᠲᠠᠶ ᠠᠳᠬᠤᠵᠤ᠂ ᠳ᠋ᠦᠩ ᠴᠧᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠰᠢᠨ᠎ᠡ ᠬᠢᠯᠠᠰ ᠴᠡᠭ ᠢ ᠴᠢᠷᠮᠠᠶᠢᠨ ᠡᠭᠦᠳᠬᠦ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠴᠠᠭ᠎ᠠ ᠪᠠᠨ ᠴᠢᠩᠭᠠᠳᠬᠠᠵᠤ᠂ ᠬᠠᠷᠠᠯᠲᠠ ᠡᠭᠦᠷᠭᠡ ᠪᠠᠨ ᠥᠨᠳᠥᠷ ᠪᠦᠲᠦᠮᠵᠢᠲᠡᠢ ᠪᠡᠶᠡᠯᠡᠭᠦᠯᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠭᠤᠣᠯ ᠡᠭᠦᠷᠭᠡ ᠶᠢᠨ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠡᠮ ᠡᠮᠨᠡᠯᠭᠡ᠂ ᠪᠣᠬᠢᠷᠲᠤᠯ ᠦᠭᠡᠢ ᠠᠮᠢ ᠠᠬᠤᠢ ᠂ ᠰᠣᠶᠣᠯ ᠵᠢᠭᠤᠯᠴᠢᠯᠠᠯ ᠤᠨ ᠬᠦᠷᠢᠶᠡᠨ ᠳᠤ ᠵᠣᠯᠭᠠᠭᠤᠯᠬᠤ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠬᠠᠷᠢᠴᠠᠭᠤᠯᠤᠭᠰᠠᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ᠂ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠵᠤ᠂ ᠣᠨ ᠤ ᠬᠢᠨᠠᠨ ᠰᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠢᠯᠡᠳᠬᠡᠪᠡ᠃ ᠸᠠᠩ ᠰᠢᠶᠤᠤ ᠬᠤᠸᠠᠨ ᠷᠡᠰᠢᠶᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠣᠭᠡᠯᠡᠨ ᠳ᠋ᠦᠩ ᠴᠧᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳ᠋ᠦᠩ ᠴᠧᠩ ᠲᠣᠭᠤᠷᠢᠭ ᠤᠨ ᠷᠠᠰᠢᠶᠠᠨ ᠬᠤᠳᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠷᠠᠰᠢᠶᠠᠨ ᠬᠤᠳᠠ ᠶᠢᠨ ᠬᠢᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠵᠢᠯᠴᠠᠨ ᠬᠠᠮᠲᠤᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠳ᠋ᠦᠩ ᠴᠧᠩ ᠲᠣᠭᠤᠷᠢᠭ ᠤᠨ ᠲᠦᠷᠦ ᠶᠢᠨ ᠪᠤᠳᠤᠯᠭ᠎ᠠ᠂ ᠵᠠᠬ᠎ᠠ ᠳᠡᠯᠭᠡᠭᠦᠷ ᠵᠡᠷᠭᠡ ᠳᠠᠪᠠᠭᠤᠯᠢᠭ ᠡᠬᠢ ᠪᠠᠶᠠᠯᠢᠭ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳ᠋ᠦᠩ ᠴᠧᠩ ᠲᠣᠭᠤᠷᠢᠭ ᠤᠨ ᠰᠢᠨ᠎ᠡ ᠣᠶᠢᠯᠠᠭᠠᠭᠳᠠᠬᠤᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠷᠠᠰᠢᠶᠠᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠪᠡ᠃     
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号