ᠶᠠᠩ ᠶᠦᠩ ᠵᠢᠦ ᠠᠯᠪᠠᠯᠠᠬᠤ ᠬᠤᠷᠠᠯ ᠢ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/7/10
        7 ᠰᠠᠷ᠎ᠠ ᠶᠢᠨ 6 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠪᠥᠬᠦ ᠬᠤᠲᠠ ᠪᠠᠷ ᠢᠶᠠᠨ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠭᠠᠵᠠᠷ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠵᠦ᠂ ᠬᠤᠶᠠᠷ ᠭᠠᠵᠠᠷ ᠤᠨ ᠺᠠᠳ᠋ᠷ ᠤᠨ ᠰᠣᠯᠢᠯᠴᠠᠭ᠎ᠠ᠂ ᠤᠯᠠᠨ ᠲᠦᠮᠡᠨ ᠤ ᠠᠭᠤᠰᠤᠯᠴᠠᠯ᠂ ᠠᠵᠤ ᠠᠬᠤᠶᠢᠯᠠᠯ ᠤᠨ ᠶᠠᠪᠤᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ᠦᠷᠭᠦᠯᠵᠢᠯᠡᠨ ᠭᠦᠨᠵᠡᠭᠡᠶᠢᠷᠡᠭᠦᠯᠵᠦ ᠨᠢᠭᠡ ᠪᠦᠯᠦᠭ ᠪᠣᠳᠠᠲᠠᠢ ᠠᠵᠢᠯ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠢ ᠨᠠᠷᠢᠨ ᠬᠢᠨᠠᠮᠠᠭᠠᠢ ᠪᠡᠯᠡᠳᠬᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠱᠠᠳᠤ ᠯᠤᠭ᠎ᠠ ᠶᠢᠨ ᠬᠠᠷᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠤᠳᠠᠭ᠎ᠠ ᠶᠢᠨ ᠬᠤᠷᠠᠯ ᠢ ᠡᠷᠬᠢᠯᠡᠬᠦ᠂ ᠨᠢᠭᠡ ᠬᠤᠳᠠ ᠶᠢ ᠮᠠᠨᠳᠤᠭᠤᠯᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠵᠠᠩᠭᠢᠯᠠᠭ᠎ᠠ ᠲᠠᠢ ᠬᠠᠷᠢᠴᠠᠭᠤᠯᠤᠨ ᠪᠦᠲᠦᠮᠵᠢᠲᠡᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ ᠤ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠡᠢ᠃ ᠬᠤᠷᠠᠯ ᠠᠴᠠ᠂ ᠠᠵᠤ ᠠᠬᠤᠶᠢᠯᠠᠯ ᠯᠤᠭ᠎ᠠ ᠬᠠᠮᠲᠤᠷᠠᠨ ᠤᠷᠤᠯᠳᠤᠭᠠᠨ ᠡᠷᠭᠢᠯᠡᠬᠦ ᠶᠢ ᠴᠢᠩᠭᠠᠳᠬᠠᠵᠤ᠂ ᠭᠠᠳᠠᠭᠠᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ︽ᠬᠥᠮᠦᠨ ᠪᠦᠬᠦᠨ ᠮᠠᠷᠠᠽᠣᠨ ᠤᠷᠤᠯᠳᠤᠭᠠᠨ ᠳᠤ ᠣᠷᠣᠯᠴᠠᠬᠤ︾ ᠭᠦᠨ ᠵᠤᠵᠠᠭᠠᠨ ᠤᠷᠤᠯᠳᠤᠭᠠᠨ ᠤ ᠠᠭᠤᠷ ᠠᠮᠢᠰᠬᠤᠯ ᠢ ᠪᠣᠶ ᠪᠣᠯᠭᠠᠵᠤ᠂ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ ᠷᠠᠰᠢᠶᠠᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠳᠡᠭᠡᠳᠦ ᠱᠠᠲᠤᠨ ᠤ ᠬᠢᠨᠠᠨ ᠰᠢᠯᠭᠠᠬᠤ ᠪᠠᠷᠢᠮᠵᠢᠶ᠎ᠠ ᠲᠠᠢ ᠬᠠᠷᠢᠴᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠤᠶᠠᠷ ᠶᠡᠭᠡ ᠶᠠᠪᠤᠳᠠᠯ᠂ ᠲᠦᠷᠪᠡᠨ ᠵᠦᠢᠯ ᠤᠨ ᠭᠦᠢᠴᠡᠳᠬᠡᠬᠦ ᠲᠤᠭ᠎ᠠ᠂ ᠵᠢᠷᠭᠤᠭᠠᠨ ᠢᠨᠵᠧᠨᠧᠷᠢᠩ ᠵᠡᠷᠭᠡ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭᠠᠯᠠᠵᠤ᠂ ᠵᠢᠭᠤᠯᠴᠢᠯᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠠᠩᠬᠠᠷᠴᠤ᠂ ︽ᠴᠠᠭ ᠢᠮᠠᠭᠲᠠ ᠰᠣᠨᠣᠷ ᠰᠠᠷᠡᠮᠵᠢ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠪᠣᠳᠠᠲᠠᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠ ᠡᠯ᠎ᠡ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ᠂ ᠯᠠᠪᠳᠠᠭᠤᠨ ᠪᠠᠲᠤᠲᠠᠢ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠵᠡᠢ᠃ ᠬᠤᠲᠠ ᠶᠢᠨ ᠤᠳᠤᠷᠢᠳᠤᠯᠭ᠎ᠠ ᠸᠠᠩ ᠰᠢᠶᠤᠤ ᠬᠤᠸᠠᠨ᠂ ᠸᠠᠩ ᠲᠢᠶᠠᠨ ᠹᠧᠩ᠂ ᠰᠦ᠋ ᠫᠧᠩ ᠯᠢ᠂ ᠬᠠᠨ ᠴᠠᠩ ᠵᠢᠦ᠂ ᠶᠠᠩ ᠪᠦᠦ ᠲᠢᠶᠠᠨ᠂ ᠶᠠᠨ ᠮᠤᠤ ᠯᠢᠨ᠂ ᠲᠠᠢ ᠬᠠᠶ ᠹᠧᠩ᠂ ᠵᠣᠣ ᠶᠤᠸᠠᠨ᠂ ᠯᠦ ᠴᠢ ᠭᠦᠸᠧ᠂ ᠭᠥᠸᠧ ᠴᠢᠩ᠂ ᠶᠠᠩ ᠴᠢᠶᠦ᠋ᠩ᠂ ᠵᠣᠣ ᠫᠧᠩ ᠴᠢ᠂ ᠦ᠋ ᠫᠸᠢ᠂ ᠴᠢᠶᠣᠤ ᠹᠧᠩ ᠯᠢᠨ᠂ ᠵᠣᠣ ᠰᠢ ᠵᠢᠦ᠂ ᠪᠠᠶ ᠹᠧᠩ᠂ ᠤᠣ ᠹᠧᠩ ᠪᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号