ᠶᠠᠩ ᠶᠦᠩ ᠵᠢᠦ ᠨᠠᠷ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠢᠶᠠᠷ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/7/10
       7 ᠰᠠᠷ᠎ᠠ ᠶᠢᠨ 4 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠨᠠᠷ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠢᠶᠠᠷ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠤᠭᠰᠠᠨ ᠪᠥᠭᠡᠳ ᠳ᠋ᠦᠩ ᠴᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠰᠢᠨ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠬᠤᠸᠠ ᠸᠧᠶ ᠵᠡᠷᠭᠡ ᠤᠳᠤᠷᠢᠳᠤᠯᠭ᠎ᠠ ᠲᠠᠢ ᠶᠠᠷᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠶᠠᠩ ᠶᠦᠩ ᠵᠢᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠣᠭᠡᠯᠡᠨ ᠳ᠋ᠦᠩ ᠴᠧᠩ ᠲᠣᠭᠤᠷᠢᠭ ᠤᠨ ᠷᠠᠰᠢᠶᠠᠨ ᠬᠤᠳᠡ ᠳᠤ ᠤᠷᠳᠤ ᠬᠤᠭᠤᠴᠠᠭᠠᠨ ᠤ ᠬᠠᠯᠠᠮᠵᠢᠯᠠᠯ᠂ ᠬᠠᠪᠰᠤᠷᠤᠯᠭ᠎ᠠ᠂ ᠳᠡᠮᠵᠢᠯᠭᠡ ᠦᠵᠡᠬᠦᠯᠥᠭᠰᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ᠂ ᠷᠠᠰᠢᠶᠠᠨ ᠬᠤᠳᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩ ᠴᠧᠩ ᠲᠣᠭᠤᠷᠢᠭ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠵᠢᠭᠤᠯᠴᠢᠯᠠᠯ᠂ ᠠᠷᠠᠳ ᠤᠨ ᠠᠮᠢᠳᠤᠷᠠᠯ ᠤᠨ ᠦᠢᠯᠡᠰ᠂ ᠴᠢᠳᠠᠪᠤᠷᠢᠲᠠᠨ ᠤ ᠰᠣᠯᠢᠯᠴᠠᠭ᠎ᠠ᠂ ᠤᠬᠠᠭᠤᠯᠤᠨ ᠲᠠᠨᠢᠯᠴᠠᠭᠤᠯᠬᠤ ᠵᠡᠷᠭᠡ ᠡᠯ᠎ᠡ ᠬᠦᠷᠢᠶᠡᠨ ᠳᠤ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ᠂ ᠪᠠᠶᠢᠩᠭᠤᠵᠢᠭᠰᠠᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠳ᠋ᠦᠩ ᠴᠧᠩ ᠲᠣᠭᠤᠷᠢᠭ ᠠᠴᠠ ᠷᠠᠰᠢᠶᠠᠨ ᠳᠤ ᠦᠵᠡᠭᠦᠯᠦᠭᠰᠡᠨ ᠴᠢᠩ ᠦᠨᠡᠨᠴᠢ ᠬᠠᠪᠰᠤᠷᠤᠯᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠣᠯᠤᠨ ᠦᠨᠡᠨ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠤᠨ᠎ᠠ ᠭᠡᠪᠡ᠃ ᠰᠦᠨ ᠰᠢᠨ ᠵᠢᠶᠦ᠋ᠨ ᠷᠠᠰᠢᠶᠠᠨ ᠬᠤᠳᠠ ᠶᠢᠨ ᠣᠯᠤᠭᠰᠠᠨ ᠠᠮᠵᠢᠯᠲᠠ ᠳᠤ ᠪᠠᠶᠠᠷ ᠬᠦᠷᠭᠡᠭᠰᠡᠨ ᠪᠠ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠳ᠋ᠦᠩ ᠴᠧᠩ ᠲᠣᠭᠤᠷᠢᠭ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠢᠮᠠᠭᠲᠠ ᠬᠢᠪᠡᠰᠦ ᠵᠣᠬᠢᠬᠤ ᠶᠠᠪᠤᠳᠠᠯ ᠪᠠ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠷᠠᠰᠢᠶᠠᠨ ᠤ ᠬᠥᠭᠵᠢᠯᠲᠡ ᠶᠢ ᠡᠷᠡᠰ ᠭᠤᠶᠢᠪᠢᠰᠢ ᠦᠭᠡᠢ ᠳᠡᠮᠵᠢᠵᠦ᠂ ᠨᠡᠩ ᠥᠨᠳᠥᠷ ᠪᠠᠷᠢᠮᠵᠢᠶ᠎ᠠ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠬᠤ ᠬᠡᠷᠡᠭᠲᠡᠢ᠃ ︽ᠭᠤᠷᠪᠠ ᠶᠢ ᠪᠠᠲᠤᠯᠠᠬᠤ︾᠂ ︽ᠲᠦᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠷᠢᠭ᠎ᠠ ᠱᠤᠭᠤᠮ ᠢ ᠰᠠᠬᠢᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠵᠢᠯ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠷᠠᠰᠢᠶᠠᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠣᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠵᠦ᠂ ᠣᠷᠣᠨ ᠪᠦᠰᠡ ᠶᠢᠨ ᠳᠠᠪᠠᠭᠤᠯᠢᠭ ᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠰᠠᠨ ᠣᠷᠣᠨ ᠪᠦᠰᠡ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠠᠮᠵᠢᠯᠴᠠᠭᠠᠨ ᠤ ᠦᠷ᠎ᠡ ᠪᠦᠲᠦᠭᠡᠯ ᠤᠨ ᠶᠠᠰᠤ ᠴᠢᠨᠠᠷ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳ᠋ᠦᠩ ᠴᠧᠩ ᠲᠣᠭᠤᠷᠢᠭ ᠤᠨ ᠤᠳᠤᠷᠢᠳᠤᠯᠭ᠎ᠠ ᠯᠢ ᠶᠠᠨ᠂ ᠸᠠᠩ ᠲᠢᠶᠧ ᠹᠧᠩ᠂ ᠳ᠋ᠤᠸᠠᠨ ᠶᠦᠩ ᠂ ᠬᠤᠲᠠ ᠶᠢᠨ ᠤᠳᠤᠷᠢᠳᠤᠯᠭ᠎ᠠ ᠬᠠᠨ ᠴᠠᠩ ᠵᠢᠦ᠂ ᠲᠠᠢ ᠬᠠᠶ ᠹᠧᠩ᠂ ᠪᠠᠶ ᠹᠧᠩ ᠨᠠᠷ ᠲᠣᠰ ᠣᠳᠡᠭᠠᠨ ᠤ ᠵᠣᠯᠭᠠᠭᠤᠯᠬᠤ ᠠᠵᠢᠯ ᠳᠤ ᠣᠷᠣᠯᠴᠠᠪᠠ᠃   
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号