ᠰᠦᠬᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠲᠥᠪ ᠤᠨ  ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠤᠴᠢᠷ ᠶᠠᠪᠤᠳᠠᠯ ᠢ ᠵᠣᠯᠭᠠᠭᠤᠯᠤᠨ ᠨᠡᠪᠲᠡᠷᠡᠯᠴᠡᠭᠦᠯᠪᠡ
ᠨᠡᠶᠢᠲᠡᠯᠡᠭᠰᠡᠨ ᠴᠠᠭ᠄
2024/7/10
      7 ᠰᠠᠷ᠎ᠠ ᠶᠢᠨ 2 ᠤᠨ ᠡᠳᠦᠷ ᠠᠴᠠ 4 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ  ᠰᠦᠬᠡ ᠪᠦᠯᠬᠦᠮ ᠳᠠᠭᠠᠭᠤᠯᠤᠨ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠪᠣᠯᠤᠨ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ᠂ ᠬᠠᠶᠢᠳᠢᠶᠠᠨ ᠲᠣᠭᠤᠷᠢᠭ ᠵᠢᠴᠢ ᠲᠠᠢ ᠺᠠᠩ ᠪᠦᠯᠦᠭᠯᠡᠯ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ  ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠤᠴᠢᠷ ᠶᠠᠪᠤᠳᠠᠯ ᠢ ᠵᠣᠯᠭᠠᠭᠤᠯᠪᠠ᠃    ᠤᠯᠤᠰ ᠤᠨ ᠰᠣᠶᠣᠯ ᠵᠤᠭᠠᠴᠠᠯ ᠤᠨ ᠶᠠᠮᠤᠨ ᠳᠤ᠂ ᠰᠦᠬᠡ ᠬᠤᠯᠪᠣᠭᠳᠠᠯ ᠪᠦᠬᠦᠢ ᠵᠤᠷᠭᠠᠨ  ᠲᠤᠪᠴᠢᠶ᠎ᠠ ᠶᠢᠨ ᠬᠠᠷᠢᠭᠤᠴᠠᠯᠭᠠᠲᠠᠨ ᠲᠠᠢ ᠶᠠᠷᠢᠯᠴᠠᠵᠤ᠂ ᠷᠠᠰᠢᠶᠠᠨ ᠬᠤᠳᠠ ᠶᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠ ᠬᠢᠩᠭᠠᠨ ᠠᠶᠢᠮᠠᠭ ᠤᠨ ᠤᠯᠤᠰ ᠤᠨ ᠲᠡᠰ ᠤᠨ ᠠᠮᠢ ᠠᠬᠤᠢ ᠶᠢᠨ ᠵᠤᠭᠠᠴᠠᠯ ᠤᠨ ᠣᠷᠣᠨ᠂ ᠬᠢᠯᠢ ᠶᠢᠨ ᠵᠤᠭᠠᠴᠠᠯ ᠤᠨ ᠲᠤᠷᠰᠢᠯᠲᠠ ᠶᠢᠨ ᠣᠷᠣᠨ ᠪᠠᠶᠢᠭᠤᠯᠬᠤ ᠶᠢ ᠳᠡᠮᠵᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠳᠤ᠂ ᠰᠦᠬᠡ ᠲᠤᠰ ᠲᠤᠰ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠵᠠᠬᠢᠷᠤᠯ ᠵᠠᠩ ᠱᠦ ᠲᠢᠩ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠶᠢᠨ ᠨᠠᠮ ᠤᠨ  ᠬᠤᠷᠢᠶ᠎ᠠ ᠶᠢᠨ ᠱᠦᠵᠢ ᠸᠠᠩ ᠬᠤᠩ ᠶᠤᠸᠠᠨ ᠲᠠᠢ ᠠᠭᠤᠯᠵᠠᠵᠠᠢ᠃ ᠬᠤᠶᠠᠷ ᠰᠤᠷᠭᠠᠭᠤᠯᠢ ᠴᠥᠮ ᠢᠯᠡᠷᠬᠡᠶᠢᠯᠡᠬᠦ ᠳᠡᠭᠡᠨ᠂ ᠰᠢᠨᠵᠢᠯᠡᠭᠡᠨ ᠤ ᠰᠠᠯᠠᠭ᠎ᠠ ᠪᠠ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ  ᠭᠦᠢᠴᠡᠳ ᠪᠠᠳᠠᠷᠠᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠨ ᠬᠥᠮᠦᠵᠢᠯ ᠳᠤ ᠴᠢᠳᠠᠪᠤᠷᠢ ᠣᠯᠭᠤᠬᠤ᠂ ᠤᠯᠠᠮᠵᠢᠯᠠᠬᠤ ᠵᠠᠭᠤᠴᠢ ᠳᠤ ᠴᠢᠳᠠᠪᠤᠷᠢ ᠣᠯᠭᠤᠬᠤ᠂ ᠰᠢᠨᠵᠢᠯᠡᠬᠦ ᠤᠬᠠᠭᠠᠨ ᠮᠡᠷᠭᠡᠵᠢᠯ ᠳᠤ ᠴᠢᠳᠠᠪᠤᠷᠢ ᠣᠯᠭᠤᠬᠤ᠂ ᠨᠠᠷᠠᠲᠤ ᠲᠡᠮᠳᠡᠭᠲᠦ ᠳᠤ ᠴᠢᠳᠠᠪᠤᠷᠢ ᠣᠯᠭᠤᠬᠤ ᠵᠡᠷᠭᠡ ᠲᠠᠯ᠎ᠠ ᠪᠠᠷ ᠬᠢᠩᠭᠠᠨ ᠠᠶᠢᠮᠠᠭ ᠤᠨ ᠬᠥᠭᠵᠢᠯᠲᠡ ᠶᠢ ᠳᠡᠮᠵᠢᠵᠦ᠂ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ︾ ᠤᠨ ᠨᠡᠷ᠎ᠡ ᠠᠯᠳᠠᠷᠰᠢᠯ ᠤᠨ ᠬᠡᠮᠵᠢᠶ᠎ᠡ ᠶᠢ ᠥᠷᠭᠡᠳᠬᠡᠨ᠎ᠡ ᠭᠡᠵᠡᠶ᠃ ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠪᠣᠯᠤᠨ ᠬᠠᠶᠢᠳᠢᠶᠠᠨ ᠲᠣᠭᠤᠷᠢᠭ ᠲᠤ᠂ ᠰᠦᠬᠡ ᠬᠤᠶᠠᠷ ᠭᠠᠵᠠᠷ ᠤᠨ ᠨᠠᠮ ᠤᠨ  ᠬᠤᠷᠢᠶ᠎ᠠ  ᠶᠢᠨ ᠭᠤᠣᠯ ᠬᠠᠷᠢᠭᠤᠴᠠᠯᠭᠠᠲᠠᠨ ᠲᠠᠢ ᠶᠠᠷᠢᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ᠂ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠵᠢᠯᠴᠠᠬᠤ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠬᠠᠮᠵᠢᠯᠴᠠᠬᠤ ᠬᠡᠯᠪᠡᠷᠢ ᠶᠢ ᠰᠢᠨ᠎ᠡ ᠪᠠᠷ ᠡᠭᠦᠳᠴᠦ᠂ ᠬᠥᠭᠵᠢᠯᠲᠡ ᠶᠢᠨ ᠬᠡᠷᠡᠭᠴᠡᠭᠡ ᠶᠢ ᠵᠣᠯᠭᠠᠭᠤᠯᠵᠤ᠂ ᠬᠠᠮᠲᠤᠷᠠᠯᠴᠠᠭᠠᠨ ᠤ ᠭᠦᠨᠴᠡ ᠪᠣᠯᠤᠨ ᠥᠷᠭᠡᠴᠡ ᠶᠢ ᠳᠠᠰᠤᠷᠠᠯᠳᠠ ᠦᠬᠡᠢ ᠥᠷᠭᠡᠳᠬᠡᠵᠦ᠂ ᠴᠢᠨᠠᠷ ᠰᠠᠶᠢᠲᠠᠢ ᠪᠥᠭᠡᠳ ᠦᠷᠭᠦᠯᠵᠢᠯᠡᠬᠦ ᠬᠥᠭᠵᠢᠯᠲᠡ ᠶᠢ ᠬᠠᠮᠲᠤᠪᠠᠷ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃ ᠰᠦᠬᠡ ᠪᠠᠰᠠ ᠲᠠᠢ ᠺᠠᠩ ᠪᠦᠯᠦᠭᠯᠡᠯ ᠲᠠᠢ ᠠᠭᠤᠯᠵᠠᠵᠤ᠂ ᠲᠠᠪᠤᠳᠤᠭᠠᠷ ᠬᠤᠭᠤᠴᠠᠭᠠᠨ ᠤ ᠰᠤᠷᠭᠠᠭᠤᠯᠢ  ᠨᠢᠭᠡᠳᠡᠨ ᠤ ᠠᠵᠤ ᠠᠬᠤᠢ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠤᠨ ᠶᠠᠪᠤᠳᠠᠯ ᠢ ᠵᠥᠪᠳᠡᠨ ᠲᠣᠭᠲᠠᠵᠤ᠂ ᠰᠤᠷᠭᠠᠭᠤᠯᠢ ᠨᠢᠭᠡᠳᠡᠨ ᠤ ᠠᠵᠤ ᠠᠬᠤᠢ ᠶᠢᠨ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠪᠠ᠃    ᠠᠶᠢᠮᠠᠭ ᠤᠨ ᠤᠳᠤᠷᠢᠳᠤᠯᠭ᠎ᠠ ᠰᠦᠨ  ᠱᠦ ᠲᠤᠤ ᠵᠢᠴᠢ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠬᠤᠯᠪᠣᠭᠳᠠᠯ ᠪᠥᠬᠦᠶ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠰᠤᠷᠪᠤᠯᠵᠢᠯᠠᠭ᠎ᠠ ᠳᠤ ᠣᠷᠣᠯᠴᠠᠵᠠᠶ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号