ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠷᠠᠰᠢᠶᠠᠨ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/10
    7 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ ᠬᠤᠳᠠ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠡᠪᠡᠰᠦᠨ ᠤ ᠦᠢᠯᠡᠰ ᠤᠨ ᠬᠥᠭᠵᠢᠯᠲᠡ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠤᠮᠠᠷᠠᠰᠢ ᠨᠡᠬᠡᠬᠡᠯᠳᠡ ᠬᠢᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠯᠭᠠᠰᠤᠲᠠᠢ ᠰᠢᠶᠠᠩ ᠤᠨ ᠬᠢᠩᠭᠠᠨ ᠲᠣᠰᠬᠤᠨ ᠳᠤ᠂ ᠢᠦᠢ ᠵᠢᠢ ᠱᠦᠨ ᠶᠠᠳᠠᠭᠤ ᠠᠴᠠ ᠠᠩᠭᠢᠵᠢᠷᠠᠭᠤᠯᠬᠤ ᠡᠷᠦᠬᠡ  ᠪᠢ ᠵᠢᠩ ᠹᠧᠩ ᠤᠨ ᠭᠡᠷ ᠲᠤ  ᠬᠦᠷᠴᠦ ᠂ ᠪᠡᠶ᠎ᠡ ᠶᠢᠨ ᠪᠠᠶᠢᠳᠠᠯ᠂ ᠣᠷᠣᠯᠭ᠎ᠠ ᠶᠢᠨ ᠢᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠬᠠᠪᠰᠤᠷᠤᠨ ᠲᠡᠳᠬᠦᠬᠦ ᠠᠷᠭ᠎ᠠ  ᠬᠡᠮᠵᠢᠶ᠎ᠡ  ᠶᠢᠨ ᠨᠠᠷᠢᠯᠢᠭ ᠣᠨᠣᠪᠴᠢᠲᠤ ᠴᠢᠨᠠᠷ ᠪᠠ ᠦᠷᠭᠦᠯᠵᠢᠯᠡᠬᠦ ᠴᠢᠨᠠᠷ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠤᠨ ᠤᠳᠤ ᠦᠶ᠎ᠡ ᠶᠢᠨ ᠡᠪᠡᠰᠦᠨ ᠤ ᠠᠵᠤ ᠦᠢᠯᠡᠰ ᠤᠨ ᠡᠳ᠋ᠰᠢᠭᠦᠯᠵᠦ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ᠂ ᠷᠠᠰᠢᠶᠠᠨ ᠤ ᠢᠯᠢ ᠪᠠᠶᠢᠭᠠᠯᠢ ᠶᠢᠨ ᠷᠠᠰᠢᠶᠠᠨ ᠤᠮᠳᠠᠭᠠᠨ ᠤ  ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠂ ᠷᠠᠰᠢᠶᠠᠨ ᠤ ᠬᠤᠸᠠ ᠷᠦᠨ ᠬᠦᠰᠡᠯ ᠵᠢᠵᠢᠭ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ ᠷᠠᠰᠢᠶᠠᠨ ᠪᠣᠭᠤᠮᠲᠠ ᠵᠡᠷᠭᠡ ᠭᠠᠵᠠᠷ ᠲᠤ᠂ ᠢᠦᠢ ᠵᠢᠢ ᠱᠦᠨ ᠡᠯ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠪᠠᠷᠢᠮᠲᠠᠯᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ᠃ ᠲᠤᠬᠠᠶ ᠶᠢᠨ ᠭᠠᠵᠠᠷ ᠤᠨ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠢ  ᠭᠦᠢᠴᠡᠳ ᠨᠡᠭᠡᠭᠡᠨ ᠬᠥᠭᠵᠢᠭᠦᠯᠵᠦ᠂ ᠦᠵᠡᠮᠵᠢ ᠶᠢᠨ ᠣᠷᠣᠨ ᠤ ᠬᠥᠮᠦᠨ ᠨᠡᠶᠢᠭᠡᠮ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠪᠠ  ᠦᠢᠯᠡᠴᠢᠯᠡᠭᠡᠨ ᠤ ᠢᠵᠢ ᠪᠥᠷᠢᠳᠦᠭᠦᠯᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ᠂ ᠣᠷᠣᠨ ᠨᠤᠲᠤᠭ ᠠᠵᠤ ᠠᠬᠤᠶᠢᠯᠠᠯ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠠᠶᠢᠨ ᠰᠠᠶᠢᠬᠠᠨ ᠪᠠᠶᠢᠷᠢᠰᠢᠯ ᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃ ᠬᠢᠯᠢ ᠠᠯᠤᠰᠯᠠᠭᠰᠠᠨ ᠵᠤᠭᠠᠴᠠᠯ᠂ ᠪᠣᠳᠠᠲᠠᠢ ᠳᠤ ᠨᠠᠶᠢᠳᠠᠪᠤᠷᠢᠵᠢᠭᠤᠯᠤᠨ ᠡᠳ᠋ᠰᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ ᠲᠦᠷᠦᠯ ᠵᠦᠢᠯ ᠢ ᠰᠦᠪᠡᠭᠴᠢᠯᠡᠨ ᠠᠬᠢᠭᠤᠯᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠳᠠᠰᠤᠷᠠᠯᠳᠠ ᠦᠬᠡᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠲᠦᠪᠰᠢᠨ ᠢ ᠳᠡᠭᠡᠭᠰᠢᠯᠡᠭᠦᠯᠵᠦ᠂ ᠨᠠᠷᠮᠠᠶ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号