ᠯᠢᠨ ᠬᠠᠢ ᠵᠡᠭᠡᠯᠢ ᠨᠠᠰᠤᠲᠠᠶᠢᠴᠤᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
        ᠨᠠᠰᠤᠵᠢᠯ ᠤᠨ ᠠᠰᠠᠷᠠᠮᠵᠢ᠂ ᠨᠠᠰᠤᠲᠠᠶᠢᠴᠤᠳ ᠢ ᠲᠤᠰᠠᠯᠠᠬᠤ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠶ ᠴᠢᠩᠭᠠᠳᠬᠠᠵᠤ᠂ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠠᠴᠠ ᠪᠣᠯᠤᠭᠰᠠᠨ ᠬᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 3 ᠤ ᠡᠳᠦᠷ᠂ ᠷᠡᠰᠢᠶᠠᠨ ᠬᠤᠳᠡ ᠶᠢᠨ ᠯᠢᠨ ᠬᠠᠶ ᠵᠡᠭᠡᠯᠢ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠳᠤᠮᠳᠠ᠂ ᠵᠡᠭᠡᠯᠢ ᠶᠢᠨ ᠠᠵᠢᠯᠲᠠᠳ ︽ᠵᠣᠭᠤᠭᠳᠠᠬᠤ︾ ᠬᠡᠯᠪᠡᠷᠢ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠨᠠᠰᠤᠲᠠᠶᠢᠴᠤᠳ ᠲᠤ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠠᠶᠢᠮᠠᠭ ᠤᠨ ᠳᠣᠲᠣᠷᠠᠬᠢ ᠨᠠᠰᠤᠲᠠᠶᠢᠴᠤᠳ ᠲᠤ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠬᠦ ᠶᠢ ᠲᠦᠭᠡᠮᠡᠯᠵᠢᠭᠦᠯᠪᠡ᠃ ᠰᠠᠨᠠᠭᠠᠨ ᠳᠤ ᠥᠬᠡᠶ ᠭᠡᠮᠲᠦᠯ ᠳᠤ ᠡᠷᠦᠬᠡ ᠶᠢᠨ ᠳᠣᠲᠣᠷ᠎ᠠ ᠭᠠᠳᠠᠨ᠎ᠠ ᠵᠢᠴᠢ ᠣᠯᠠᠨ ᠨᠡᠶᠢᠲᠡ ᠶᠢᠨ ᠲᠠᠯᠠᠪᠤᠷ ᠲᠤ ᠭᠠᠷᠤᠭᠰᠠᠨ ᠰᠠᠨᠠᠭᠠᠨ ᠳᠤ ᠥᠬᠡᠶ ᠭᠡᠮᠲᠦᠯ ︵ᠵᠢᠱᠢᠶᠡᠯᠡᠪᠡᠯ ᠮᠥᠷᠭᠦᠯᠳᠦᠵᠣ ᠰᠢᠷᠡᠬᠳᠣᠬᠤ᠂ ᠥᠨᠳᠥᠷ ᠲᠡᠭᠡᠷ᠎ᠡ ᠠᠴᠠ ᠪᠣᠳᠡᠰ ᠤᠨᠠᠬᠤ᠂ ᠵᠠᠮ ᠲᠡᠭᠡᠷ᠎ᠡ ᠤᠨᠠᠵᠤ ᠣᠶᠢᠴᠢᠬᠤ᠂ ᠴᠠᠬᠢᠯᠭᠠᠨ ᠳᠤ ᠴᠣᠬᠢᠬᠳᠡᠬᠤ᠂ ᠤᠰᠤᠨ ᠳᠤ ᠤᠨᠠᠬᠤ ᠵᠡᠷᠭᠡ︶ ᠵᠢᠴᠢ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ᠂ ᠣᠯᠠᠨ ᠨᠡᠶᠢᠲᠡ ᠶᠢᠨ ᠲᠠᠯᠠᠪᠤᠷ ᠤᠨ ᠠᠵᠢᠯᠯᠠᠭ᠎ᠠ ᠳᠤ ᠣᠷᠣᠯᠴᠠᠬᠤ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠭᠤᠬᠤ᠂ ᠭᠠᠳᠠᠭᠰᠢ ᠭᠠᠷᠴᠤ ᠵᠢᠭᠤᠯᠴᠢᠯᠠᠬᠤ᠂ ᠬᠡᠪ ᠤᠨ ᠣᠶᠢᠯᠡᠳᠪᠦᠷᠢᠯᠡᠯ ᠤᠨ ᠠᠵᠢᠯᠯᠠᠭᠠᠨ ᠤ ᠶᠠᠪᠤᠴᠠ ᠳᠤ ᠡᠭᠦᠰᠦᠭᠰᠡᠨ ᠰᠠᠨᠠᠭᠠᠨ ᠳᠤ ᠥᠬᠡᠶ ᠭᠡᠮᠲᠦᠯ ᠵᠡᠷᠭᠡ ᠪᠠᠭᠲᠠᠨ᠎ᠠ᠃ ᠰᠠᠨᠠᠭᠠᠨ ᠳᠤ ᠦᠭᠡᠢ ᠭᠡᠮᠲᠦᠯ ᠭᠠᠷᠪᠠᠯ ᠲᠥᠯᠥᠪᠦᠷᠢ ᠥᠭᠬᠦ ᠮᠠᠲ᠋ᠧᠷᠢᠶᠠᠯ ᠢᠶᠠᠨ ᠠᠪᠴᠤ ᠳᠠᠭᠠᠳᠬᠠᠯ ᠤᠨ ᠺᠣᠮᠫᠠᠨᠢ ᠳᠤ ᠬᠦᠷᠴᠦ ᠰᠢᠢᠳᠪᠦᠷᠢᠯᠡᠵᠦ ᠪᠣᠯᠤᠨ᠎ᠠ᠃ ᠨᠠᠰᠤᠲᠠᠶᠢᠴᠤᠳ ᠤᠨ ᠰᠠᠨᠠᠭᠠᠨ ᠳᠤ ᠥᠬᠡᠶ ᠬᠡᠮᠳᠣᠯ ᠤᠨ ᠲᠠᠭᠠᠳᠬᠠᠯ ᠨᠢ ᠨᠠᠰᠤᠲᠠᠶᠢᠴᠤᠳ ᠤᠨ ᠡᠷᠡᠭᠦᠯ ᠠᠮᠢᠳᠤᠷᠠᠯ ᠳᠤ ᠨᠢᠭᠡ ᠬᠤᠪᠢ ᠢᠯᠡᠭᠦᠴᠡ ᠪᠠᠲᠤᠯᠠᠭ᠎ᠠ ᠨᠡᠮᠡᠵᠦ ᠥᠭᠭᠦᠭᠰᠡᠨ ᠢᠶᠠᠷ ᠪᠠᠷᠠᠬᠤ ᠥᠬᠡᠶ᠂ ᠪᠠᠰᠠ ᠨᠠᠰᠤᠲᠠᠶᠢᠴᠤᠳ ᠵᠢᠴᠢ ᠲᠡᠭᠦᠨ ᠤ ᠬᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ᠂ ᠨᠠᠰᠤᠲᠠᠶᠢᠴᠤᠳ ᠪᠠ ᠬᠡᠷ ᠪᠦᠯᠢ ᠶᠢᠨ ᠠᠶᠤᠯ ᠲᠦᠭᠰᠢᠭᠦᠷᠢ ᠶᠢ ᠰᠠᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠨᠠᠰᠤᠲᠠᠶᠢᠴᠤᠳ ᠲᠤ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠨᠠᠰᠤᠲᠠᠶᠢᠴᠤᠳ ᠢ ᠬᠦᠨᠳᠦᠳᠬᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠭᠰᠡᠨ ᠪᠥᠭᠡᠳ ᠬᠠᠷᠢᠶ᠎ᠠ ᠣᠷᠣᠨ ᠤ ᠨᠠᠰᠤᠲᠠᠶᠢᠴᠤᠳ ᠤᠨ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠢ ᠠᠮᠤᠷ ᠲᠠᠶᠢᠪᠤᠩ ᠥᠩᠭᠡᠷᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃     
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号