ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ︽ᠨᠡᠭᠦᠳᠡᠯ ᠠᠯᠪᠠᠨ ᠰᠢᠷᠡᠭᠡ︾ ᠶᠢᠨ ᠣᠶᠢᠯᠡᠴᠢᠯᠡᠭᠡ ᠪᠠᠷ ᠰᠠᠭᠤᠭᠠᠯᠢ ᠠᠷᠡᠳ ᠲᠤ ᠣᠶᠢᠯᠠᠴᠢᠯᠠᠵᠣ ᠪᠠᠶᠢᠨ᠎ᠠ
ᠨᠡᠶᠢᠲᠡᠯᠡᠭᠰᠡᠨ ᠴᠠᠭ᠄
2024/7/10
          ᠦᠨᠳᠦᠰᠦᠨ ᠱᠠᠲᠤᠨ ᠤ ᠵᠠᠰᠠᠯᠲᠠ ᠪᠣᠯ ᠨᠡᠶᠢᠭᠡᠮ ᠤᠨ ᠪᠠᠶᠢᠭᠤᠯᠤᠯᠲᠠ ᠪᠠ ᠤᠯᠤᠰ ᠤᠨ ᠵᠠᠰᠠᠯᠲᠠ ᠶᠢ ᠠᠬᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠨᠡᠶᠢᠭᠡᠮ ᠤᠨ ᠪᠠᠶᠢᠭᠤᠯᠤᠯᠲᠠ ᠪᠠ ᠤᠯᠤᠰ ᠤᠨ ᠵᠠᠰᠠᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠨᠡᠩ ᠰᠠᠶᠢᠨ ᠴᠢᠩᠭᠠᠳᠬᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠭᠠᠷᠠᠭ ᠪᠦᠷᠢ ᠶᠢᠨ ᠭᠠᠷᠠᠭ ᠤᠨ ᠲᠠᠪᠤᠨ ᠤ ᠦᠳᠡ ᠶᠢᠨ ᠡᠮᠦᠨ᠎ᠡ ︽ᠨᠡᠭᠦᠳᠡᠯ ᠠᠯᠪᠠᠨ ᠰᠢᠷᠡᠭᠡ︾ ᠶᠢᠨ ᠦᠢᠯᠡᠴᠢᠯᠡᠭᠡ ᠥᠷᠨᠢᠭᠦᠯᠵᠦ ᠪᠣᠢ᠃ ᠲᠡᠭᠡᠭᠡᠳ ᠠᠵᠢᠯᠯᠠᠭᠠᠨ ᠤ ᠲᠠᠰᠤᠭ ᠢ ᠭᠡᠷ ᠤᠨ ᠭᠠᠳᠠᠨ᠎ᠠ ᠰᠢᠯᠵᠢᠭᠦᠯᠵᠦ᠂ ᠡᠭᠦᠳᠡ ᠪᠠᠨ ᠨᠡᠭᠡᠭᠡᠵᠦ ᠢᠳᠬᠠᠯ ᠢ ᠬᠦᠯᠢᠶᠡᠨ ᠠᠪᠴᠤ ᠨᠡᠶᠢᠭᠡᠮ ᠲᠣᠭᠤᠷᠢᠭ ᠠᠴᠠ ᠰᠠᠭᠤᠭᠠᠯᠢ ᠲᠣᠭᠤᠷᠢᠭ ᠲᠤ ᠬᠦᠷᠲᠡᠯ᠎ᠡ ᠥᠷᠭᠡᠳᠬᠡᠵᠦ᠂ ᠲᠤᠬᠠᠢ ᠶᠢᠨ ᠲᠠᠯᠠᠪᠤᠷ ᠲᠤ ᠨᠢᠭᠤᠷᠳᠠᠨ ᠶᠠᠷᠢᠯᠴᠠᠬᠤ ᠬᠡᠯᠪᠡᠷᠢ ᠪᠠᠷ ᠰᠠᠭᠤᠭᠠᠯᠢ ᠠᠷᠠᠳ ᠲᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠣᠨᠣᠰᠴᠤ᠂ ᠦᠢᠯᠡᠴᠢᠯᠡᠭᠡ ᠶᠢ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠬᠦᠷᠲᠡᠯ᠎ᠡ ᠦᠨᠡᠨ ᠬᠦ ᠥᠷᠭᠡᠳᠬᠡᠵᠦ ᠂ ᠰᠠᠭᠤᠭᠠᠯᠢ ᠠᠷᠠᠳ ᠤᠯᠠᠨ ᠢ ᠳᠤᠲᠠᠭᠤ ᠭᠦᠶᠦᠯᠭᠡᠬᠦ᠂ ᠦᠢᠯᠡᠴᠢᠯᠡᠭᠡ ᠶᠢ ︽ᠵᠠᠢ ᠵᠠᠪᠰᠠᠷ ᠦᠭᠡᠢ︾ ᠪᠣᠯᠭᠠᠬᠤ ᠶᠢ ᠦᠨᠡᠨ ᠬᠦ ᠪᠡᠶᠡᠯᠡᠭᠦᠯᠪᠡ᠃ 7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠨᠡᠶᠢᠭᠡᠮ ᠲᠣᠭᠤᠷᠢᠭ ᠤᠨ ᠱᠦᠵᠢ ᠠᠵᠢᠯᠲᠠᠨ ᠢᠶᠠᠨ ᠳᠠᠭᠠᠭᠤᠯᠤᠨ ᠹᠧᠩ ᠬᠤᠸᠠ ᠪᠠᠭ᠎ᠠ ᠲᠣᠭᠤᠷᠢᠭ ᠢᠶᠠᠷ ᠬᠦᠷᠴᠦ᠂ ᠲᠤᠬᠠᠶ ᠶᠢᠨ ᠲᠠᠯᠠᠪᠠᠶ ᠳᠤ ᠦᠨᠳᠦᠰᠦᠨ ᠱᠠᠲᠤᠨ ᠤ ᠵᠠᠰᠠᠯᠲᠠ ᠪᠠ ᠲᠦᠷ ᠴᠠᠭ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠡᠮᠵᠢ ᠶᠢᠨ ᠮᠡᠬᠡᠯᠡᠯ ᠢ ᠰᠡᠷᠭᠡᠶᠢᠯᠡᠬᠦ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠰᠠᠭᠤᠭᠠᠯᠢ ᠠᠷᠠᠳ ᠲᠤ ᠦᠨᠳᠦᠰᠦᠨ ᠱᠠᠲᠤᠨ ᠤ ᠵᠠᠰᠠᠯᠲᠠ ᠶᠢᠨ ᠠᠰᠠᠭᠤᠳᠠᠯ ᠪᠠ ᠲᠦᠷ ᠴᠠᠭ ᠤᠨ ᠠᠪᠤᠷᠠᠨ ᠲᠤᠰᠠᠯᠠᠯᠲᠠ ᠶᠢ ᠬᠡᠷᠬᠢᠨ ᠭᠤᠶᠤᠴᠢᠯᠠᠬᠤ᠂ ᠨᠠᠰᠤᠵᠢᠯ ᠤᠨ ᠠᠰᠠᠷᠡᠮᠵᠢ ᠶᠢᠨ ᠮᠡᠬᠡᠯᠡᠯ ᠢ ᠰᠡᠷᠭᠡᠶᠢᠯᠡᠬᠦ ᠵᠡᠷᠭᠡ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠢ ᠲᠠᠶᠢᠯᠪᠤᠷᠢᠯᠠᠨ ᠥᠭᠪᠡ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠵᠢᠭᠤᠷᠠᠯᠳᠤᠭᠠᠨ ᠵᠥᠷᠢᠴᠡᠯ ᠢ ᠠᠷᠢᠯᠭᠠᠬᠤ᠂ ᠰᠡᠳᠬᠢᠴᠡ ᠶᠢᠨ ᠯᠠᠪᠯᠠᠯᠲᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠦᠢᠯᠡᠴᠢᠯᠡᠭᠡᠨ ᠤ ᠵᠦᠢᠯᠡᠰ ᠢ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡ ᠶᠢ ᠬᠠᠩᠭᠠᠵᠤ᠂ ᠰᠠᠭᠤᠭᠠᠯᠢ ᠠᠷᠠᠳ ᠤᠨ ︽ᠬᠡᠷ ᠤᠨ ᠡᠭᠦᠳᠡ︾ ᠳᠤ ᠦᠢᠯᠡᠴᠢᠯᠡᠭᠡ ᠬᠦᠷᠲᠡᠭᠡᠪᠡ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠶᠠᠨ ᠵᠠᠮ ᠯᠠᠪᠲᠠᠢ ᠨᠢᠭᠡᠨ ᠬᠠᠷᠰᠢ ᠰᠠᠭᠠᠳ ᠲᠠᠢ ᠠᠯᠤᠰ ᠬᠡᠲᠦ ᠶᠢᠨ ᠵᠠᠮ ᠮᠥᠨ᠂ ᠮᠦᠨ ᠴᠣ᠋ ᠲᠤᠷᠰᠢᠨ ᠬᠠᠮᠢᠶᠠᠷᠴᠤ ᠪᠠᠶᠢᠭ᠎ᠠ ᠨᠡᠶᠢᠭᠡᠮ ᠲᠣᠭᠤᠷᠢᠭ ᠤᠨ ᠵᠠᠰᠠᠯᠲᠠ ᠶᠢ ᠨᠠᠷᠢᠯᠢᠭ ᠣᠨᠣᠴᠠᠲᠠᠶ ᠪᠥᠭᠡᠳ ᠨᠠᠷᠢᠯᠢᠭᠵᠢᠭᠤᠯᠬᠤ ᠶᠠᠪᠤᠳᠠᠯ ᠪᠣᠯᠣᠨ᠎ᠠ᠂ ᠾᠧ ᠪᠢᠨ ᠨᠡᠶᠢᠭᠡᠮ ᠲᠣᠭᠤᠷᠢᠭ ︽ᠨᠡᠭᠦᠳᠡᠯ ᠠᠯᠪᠠᠨ ᠰᠢᠷᠡᠭᠡ︾ ᠶᠢ ᠲᠣᠬᠢᠷᠡᠭᠤᠯᠬᠤ ᠪᠠᠷ ᠳᠠᠮᠵᠢᠭᠤᠯᠤᠨ᠂ ᠨᠡᠶᠢᠭᠡᠮ ᠤᠨ ᠪᠠᠶᠢᠳᠠᠯ ᠠᠷᠠᠳ ᠤᠨ ᠬᠦᠰᠡᠯ ᠱᠠᠭᠠᠷᠳᠠᠯᠭ᠎ᠠ ᠶᠢᠨ ᠵᠠᠮ ᠢ ᠪᠠᠶᠢᠭᠤᠯᠵᠤ᠂ ᠰᠠᠭᠤᠭᠠᠯᠢ ᠠᠷᠠᠳ ᠯᠤᠭ᠎ᠠ ᠶᠢᠨ ᠬᠤᠭᠤᠷᠣᠨᠳᠣᠬᠢ ᠰᠠᠶᠢᠨ ᠰᠠᠶᠢᠬᠠᠨ ᠬᠠᠷᠢᠯᠴᠠᠭ᠎ᠠ ᠶᠢ ᠪᠠᠶᠢᠭᠤᠯᠵᠣ᠂ ᠬᠡᠬᠦᠳᠡᠭ ᠳᠦᠭᠦᠷᠡᠩ ᠴᠢᠩ ᠰᠡᠳᠬᠢᠯ ᠤᠨ ᠦᠢᠯᠡᠴᠢᠯᠡᠭᠡ ᠪᠠᠷ ᠤᠯᠠᠨ ᠲᠦᠮᠡᠨ ᠤ ᠰᠡᠳᠬᠢᠯ ᠢ ᠳᠣᠭᠳᠣᠯᠤᠭᠤᠯᠵᠤ᠂ ᠬᠠᠮᠤᠭ ᠤᠨ ᠲᠦᠷᠭᠡᠨ ᠢᠶᠠᠷ ᠨᠡᠶᠢᠭᠡᠮ ᠲᠣᠭᠤᠷᠢᠭ ᠤᠨ ᠦᠢᠯᠡᠳᠦᠯᠭᠡ ᠶᠢᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠡᠨᠧᠷᠭᠢ ᠶᠢ ᠬᠥᠭᠵᠢᠭᠡᠵᠣ ᠪᠣᠢ᠃ 
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号