ᠰᠦᠬᠡ ᠠᠮᠤᠷ ᠲᠦᠪᠰᠢᠨ ᠤ ᠪᠠᠶᠢᠭᠤᠯᠤᠯᠲᠠ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/15
       7 ᠰᠠᠷ᠎ᠠ ᠶᠢᠨ 7 ᠤ ᠡᠳᠦᠷ᠂ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠰᠦᠬᠡ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠠᠶᠢᠮᠠᠭ ᠤᠨ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠬᠢ᠂ ᠵᠠᠬᠢᠳᠠᠯ ᠰᠤᠷᠪᠤᠯᠵᠢᠯᠠᠭ᠎ᠠ ᠶᠢᠨ  ᠲᠤᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠲᠤ ᠭᠦᠨᠵᠡᠭᠡᠶᠢᠷᠡᠵᠦ᠂ ᠠᠮᠤᠷ ᠲᠦᠪᠰᠢᠨ ᠤ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠰᠦᠬᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠣᠯᠤᠨ ᠦᠨᠳᠦᠰᠦᠨ ᠱᠠᠲᠤᠨ ᠤ ᠺᠠᠳ᠋ᠷᠴᠤᠳ ᠲᠠᠢ ᠨᠢᠭᠤᠷᠳᠠᠨ ᠶᠠᠷᠢᠯᠴᠠᠵᠤ᠂ ᠨᠡᠶᠢᠭᠡᠮ ᠤᠨ ᠠᠮᠤᠷ ᠲᠦᠪᠰᠢᠨ᠂ ᠵᠥᠷᠢᠴᠡᠯ ᠢ ᠨᠠᠮᠳᠠᠭᠤᠯᠤᠭᠰᠠᠨ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠤᠷ ᠠᠮᠤᠭᠤᠯᠠᠩ ᠬᠢᠩᠭᠠᠨ᠂ ᠬᠠᠤᠯᠢᠵᠢᠯ ᠤᠨ ᠬᠢᠩᠭᠠᠨ ᠢ ᠪᠦᠳᠤᠬᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠦᠷ ᠬᠦᠴᠦᠲᠦ ᠪᠠᠶᠢᠳᠠᠯ ᠢ ᠪᠠᠲᠤᠯᠠᠵᠤ᠂ ᠬᠦᠴᠦᠲᠡᠢ ᠰᠦᠷᠳᠡᠭᠦᠯᠦᠯ ᠢ ᠪᠤᠢ ᠪᠣᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠲᠣᠭᠲᠠᠭᠤᠨ ᠢᠶᠠᠷ ᠡᠵᠡᠮᠳᠡᠬᠦ ᠬᠠᠷᠢᠭᠤᠴᠠᠯᠭ᠎ᠠ᠂ ᠠᠵᠢᠯ ᠶᠠᠪᠤᠳᠠᠯ ᠤᠨ ᠡᠷᠬᠡ ᠶᠢᠨ ᠰᠠᠯᠠᠭ᠎ᠠ ᠮᠥᠴᠢᠷ ᠤᠨ ᠰᠢᠢᠳᠪᠦᠷᠢᠯᠡᠬᠦ ᠬᠠᠷᠢᠭᠤᠴᠠᠯᠭ᠎ᠠ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ᠂ ᠬᠡᠷᠡᠭ ᠢ ᠦᠨᠡᠯᠡᠨ ᠪᠠᠶᠢᠴᠠᠭᠠᠬᠤ ᠵᠡᠷᠭᠡ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠭᠡᠷ ᠲᠦᠨᠢ ᠬᠦᠷᠭᠡᠬᠦ ᠤᠯᠠᠨ ᠲᠦᠮᠡᠨ ᠤ ᠠᠵᠢᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠶᠠᠷᠢᠶ᠎ᠠ ᠬᠡᠯᠡᠯᠴᠡᠭᠡ ᠪᠠᠷ ᠬᠦᠳᠦᠯᠦᠨ ᠵᠢᠯᠣᠭᠤᠳᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃    ᠠᠶᠢᠮᠠᠭ ᠤᠨ ᠤᠳᠤᠷᠢᠳᠤᠯᠭ᠎ᠠ  ᠹᠧᠩ ᠠᠶ ᠰᠢᠶᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ  ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号