ᠸᠠᠩ ᠯᠢ ᠰᠢᠶᠠ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/15
          7 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠸᠠᠩ ᠯᠢ ᠰᠢᠶᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠤᠳᠤ ᠦᠶ᠎ᠡ ᠶᠢᠨ ᠲᠠᠷᠢᠶᠠᠯᠠᠩ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠠᠢ᠃    ᠵᠠᠯᠠᠶᠢᠳ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠰᠤᠨ ᠲᠤᠲᠤᠷᠭ᠎ᠠ ᠶᠢᠨ ᠤᠷᠭᠤᠴᠠ ᠰᠠᠶᠢᠨ᠂ ᠸᠠᠩ ᠯᠢ ᠰᠢᠶᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠡᠷᠦᠬᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠭᠤᠷᠠᠢ ᠲᠤᠲᠤᠷᠭ᠎ᠠ ᠶᠢᠨ ᠲᠠᠷᠢᠮᠠᠯ ᠤᠨ ᠦᠢᠯᠡᠳᠪᠦᠷᠢᠯᠡᠯ ᠪᠣᠯᠤᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ ᠡᠷᠦᠬᠡ ᠶᠢᠨ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠳᠡᠮᠳᠡᠭᠵᠢᠬᠦᠯᠬᠦ ᠳᠡᠭᠡᠷ᠎ᠡ ᠬᠦᠴᠦ ᠣᠷᠣᠭᠤᠯᠬᠤ ᠶᠢ ᠵᠣᠷᠢᠭᠵᠢᠭᠤᠯᠵᠤ᠂ ᠴᠢᠳᠠᠪᠤᠷᠢᠲᠠᠨ ᠢ ᠬᠥᠮᠦᠵᠢᠭᠦᠯᠵᠦ᠂ ᠲᠦᠷᠦᠯ ᠳᠡᠮᠳᠡᠭ ᠢ ᠪᠤᠶᠢᠵᠢᠭᠤᠯᠵᠤ᠂ ᠰᠠᠶᠢᠨ ᠶᠠᠭᠤᠮ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠲᠤᠬᠠᠢ ᠶᠢᠨ ᠭᠠᠵᠠᠷ ᠤᠨ ᠠᠷᠠᠳ ᠤᠯᠠᠨ ᠳᠤ ᠨᠡᠩ ᠤᠯᠠᠨ ᠪᠣᠳᠠᠲᠤ ᠠᠰᠢᠭ ᠬᠦᠷᠲᠡᠭᠡᠬᠦ ᠶᠢ ᠵᠣᠷᠢᠭᠵᠢᠭᠤᠯᠪᠠ᠃ ᠲᠡᠷᠡ ᠠᠵᠤ ᠦᠢᠯᠡᠰ ᠤᠨ ᠬᠦᠷᠢᠶᠡᠯᠡᠩ ᠤᠨ ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠡᠭᠦᠳᠦᠯᠲᠡ ᠪᠣᠯᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠵᠤ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠪᠦᠷ ᠲᠣᠭᠠᠴᠢᠯᠠᠭᠰᠠᠨ ᠮᠡᠷᠭᠡᠵᠢᠯ ᠢ ᠬᠡᠷᠡᠭᠯᠡᠭᠰᠡᠨ ᠢ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠥᠭᠦᠯᠡᠯ ᠢᠶᠠᠨ ᠡᠬᠡ ᠭᠠᠵᠠᠷ ᠲᠤ ᠪᠢᠴᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠳᠤ ᠡᠨᠧᠷᠭᠢ ᠣᠯᠭᠤᠬᠤ ᠶᠢ ᠵᠣᠷᠢᠭᠵᠢᠭᠤᠯᠵᠠᠢ᠃    ᠲᠦᠮᠡᠨ ᠪᠡᠯᠴᠢᠭᠡᠷ ᠢ ᠰᠠᠶᠢᠲᠤᠷ ᠬᠠᠮᠠᠭᠠᠯᠠᠵᠤ ᠪᠠᠶᠢᠬᠤ ᠶᠢ ᠬᠠᠷᠠᠭᠠᠳ ᠸᠠᠩ ᠯᠢ ᠰᠢᠶᠠ᠂ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ ᠲᠦᠷᠢᠮ ᠲᠣᠭᠲᠠᠭᠠᠯ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠭᠤᠶᠤᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠢ ᠪᠠᠶᠠᠵᠢᠭᠤᠯᠬᠤ ᠶᠢ ᠪᠡᠶᠡᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃    ᠥᠪᠥᠷ ᠮᠣᠩᠭᠤᠯ ᠤᠨ ᠦᠶᠡᠷ ᠢ ᠰᠡᠷᠭᠡᠶᠢᠯᠡᠬᠦ ᠳᠤ ᠬᠠᠮᠤᠭ ᠤᠨ ᠬᠦᠴᠢᠷᠲᠡᠶ ᠴᠠᠭ ᠬᠤᠭᠤᠴᠠᠭ᠎ᠠ ᠪᠣᠯᠤᠨ᠎ᠠ᠂ ᠸᠠᠩ ᠯᠢ ᠰᠢᠶᠠ ᠲᠤᠰᠬᠠᠶᠢᠯᠠᠨ ᠴᠤᠤᠯ ᠤᠰᠤᠨ ᠴᠥᠭᠦᠷᠥᠮ ᠳᠤ ᠬᠦᠷᠴᠦ᠂ ᠴᠥᠭᠦᠷᠥᠮ ᠤᠨ ᠪᠠᠭᠲᠠᠭᠠᠮᠵᠢ᠂ ᠤᠰᠤᠨ ᠤ ᠬᠡᠮᠵᠢᠶ᠎ᠡ᠂ ᠤᠰᠤᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠯᠳᠠ ᠬᠡᠮ ᠢ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ᠃ ᠪᠠᠷᠢᠯᠭ᠎ᠠ ᠶᠢᠨ ᠴᠢᠨᠠᠷᠲᠠᠶ ᠤᠰᠤ ᠦᠯᠡᠳᠡᠭᠡᠬᠦ ᠲᠠᠯ᠎ᠠ ᠪᠠᠷ ᠠᠷᠭ᠎ᠠ ᠪᠤᠳᠤᠵᠤ᠂ ᠤᠰᠤᠨ ᠤ ᠦᠨ᠎ᠡ ᠶᠢ ᠰᠠᠶᠢᠲᠤᠷ ᠬᠡᠷᠡᠭᠯᠡᠬᠦ ᠲᠣᠭᠲᠠᠴᠠ ᠶᠢ ᠪᠦᠷᠢᠨᠰᠢᠬᠦᠯᠦᠨ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠢ ᠪᠣᠯᠤᠨ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠬᠦ ᠬᠡᠷᠡᠭᠲᠡᠢ ᠭᠡᠵᠦ ᠱᠠᠭᠠᠷᠳᠠᠪᠠ ᠃    ᠶᠠᠳᠠᠭᠤ ᠠᠴᠠ ᠠᠩᠭᠢᠵᠢᠷᠠᠭᠰᠠᠨ ᠡᠷᠦᠬᠡ ᠵᠦ ᠴᠢᠩ ᠬᠤᠩ ᠤᠨ ᠬᠡᠷ ᠲᠤ᠂ ᠸᠠᠩ ᠯᠢ ᠰᠢᠶᠠ ᠲᠡᠭᠦᠨ ᠲᠠᠢ ᠣᠷᠣᠯᠭ᠎ᠠ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠡᠮ ᠡᠮᠨᠡᠯᠭᠡ ᠶᠢᠨ ᠳᠠᠭᠠᠳᠬᠠᠯ᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠤᠬᠠᠶ ᠶᠢᠨ ᠭᠠᠵᠠᠷ ᠤᠨ ᠬᠢᠨ ᠳᠤ ᠨᠠᠮ ᠪᠠ ᠵᠠᠰᠠᠭ ᠤᠨ ᠣᠷᠳᠣᠨ ᠤ ᠡᠯ᠎ᠡ  ᠵᠦᠢᠯ  ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠬᠠᠯᠠᠭᠤᠨ ᠳᠤᠯᠠᠭᠠᠨ ᠢ ᠦᠷᠭᠦᠯᠵᠢᠯᠡᠨ ᠮᠡᠳᠡᠷᠡᠭᠦᠯᠵᠦ᠂ ᠨᠠᠩ ᠢᠲᠡᠭᠡᠯ ᠲᠠᠢ᠂ ᠨᠠᠩ ᠡᠷᠡᠮᠡᠯᠵᠡᠯ ᠲᠠᠢ ᠠᠮᠢᠳᠤᠷᠠᠭᠤᠯᠬᠤ ᠬᠡᠷᠡᠭᠲᠡᠶ ᠭᠡᠵᠦ ᠵᠠᠬᠢᠪᠠ᠃    ᠲᠡᠷᠡ ᠪᠠᠰᠠ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠦᠷ ᠲᠤᠰᠢᠶᠠᠯ ᠡᠭᠦᠷᠭᠡᠯᠡᠵᠦ ᠪᠠᠶᠢᠭ᠎ᠠ ᠪᠡᠭᠡᠵᠢᠩ ᠤᠨ ᠲᠤᠰᠬᠠᠶ ᠮᠡᠷᠭᠡᠵᠢᠯᠲᠡᠳ ᠢ ᠡᠷᠬᠢᠨ ᠦᠵᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠡᠷᠡᠶ ᠭᠡᠵᠦ ᠵᠣᠷᠢᠭᠵᠢᠭᠤᠯᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号