ᠢᠦᠢ ᠸᠧᠢ ᠫᠧᠩ᠄ ᠣᠯᠠᠨ ᠲᠦᠮᠡᠨ ᠤ ᠳᠣᠲᠣᠨᠣ ᠬᠥᠮᠦᠰ ᠤᠨ ᠨᠡᠶᠢᠭᠡᠮ ᠲᠣᠭᠤᠷᠢᠭ ᠤᠨ ᠰᠠᠶᠢᠨ ᠱᠦᠵᠢ
ᠨᠡᠶᠢᠲᠡᠯᠡᠭᠰᠡᠨ ᠴᠠᠭ᠄
2024/7/16
       ᠢᠦᠢ ᠸᠧᠢ ᠫᠧᠩ᠂ ᠡᠮᠡᠭᠲᠡᠢ᠂ 1981 ᠣᠨ ᠤ 7 ᠰᠠᠷ᠎ᠠ ᠳᠤ ᠲᠥᠷᠥᠵᠡᠢ᠂ 2005 ᠣᠨ ᠤ 4 ᠰᠠᠷ᠎ᠠ ᠳᠤ ᠨᠡᠶᠢᠭᠡᠮ ᠲᠣᠭᠤᠷᠢᠭ ᠲᠤ ᠣᠷᠣᠵᠤ ᠠᠵᠢᠯᠯᠠᠪᠠ᠂ ᠣᠳᠣ ᠬᠠᠨ ᠠᠭᠤᠯᠠ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ᠂ 2024 ᠣᠨ ᠤ 6 ᠰᠠᠷ᠎ᠠ ᠳᠤ ᠬᠢᠩᠭᠠᠨ ᠠᠶᠢᠮᠠᠭ ᠤᠨ ᠰᠢᠯᠢᠳᠡᠭ ᠨᠠᠮ ᠤᠨ ᠠᠵᠢᠯ ᠤᠨ ᠠᠵᠢᠯᠲᠠᠨ ᠢᠶᠠᠷ ᠰᠣᠩᠭᠤᠭᠳᠠᠪᠠ᠃ ᠢᠦᠢ ᠸᠧᠢ ᠫᠧᠩ ᠤᠷᠢᠳ ᠬᠤᠵᠢᠳ ︽ᠬᠤᠰᠢᠭᠤᠨ ᠳᠡᠰ ᠤᠨ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ︾᠂ ︽ᠬᠢᠩᠭᠠᠨ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠲᠡᠷᠢᠭᠦᠨ ᠤ ᠠᠵᠢᠯᠲᠠᠨ︾᠂ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾᠂ ︽ᠬᠠᠮᠤᠭ ᠤᠨ ᠭᠤᠶᠣ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠨ︾᠂ ᠬᠢᠩᠭᠠᠨ ᠠᠶᠢᠮᠠᠭ ᠤᠨ ︽ᠭᠠᠵᠢᠭᠤ ᠨᠣᠮᠯᠠᠯ ᠦᠭᠡᠢ ᠲᠡᠷᠢᠭᠦᠨ ᠤ ᠬᠤᠪᠢ ᠬᠥᠮᠦᠨ ᠢ ᠡᠭᠦᠳᠦᠨ ᠪᠠᠶᠢᠭᠤᠯᠬᠤ︾᠂ ︽ᠬᠢᠩᠭᠠᠨ ᠠᠶᠢᠮᠠᠭ ᠤᠨ ︽3 · 8 ᠤ ᠤᠯᠠᠭᠠᠨ ᠲᠤᠭᠴᠢ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠪᠡ᠃ ᠢᠦᠢ ᠸᠧᠢ ᠫᠧᠩ ︽ᠳᠥᠷᠪᠡᠨ ᠪᠢᠴᠢᠯ ᠵᠠᠰᠠᠯᠲᠠ︾ ᠶᠢᠨ ᠨᠡᠷᠡᠲᠦ ᠲᠡᠮᠳᠡᠭ ᠢ ᠢᠳᠡᠪᠬᠢᠲᠡᠢ ᠡᠭᠦᠳᠴᠦ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠬᠥᠲᠥᠯᠥᠨ ᠳᠠᠭᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠰᠡᠳᠬᠢᠯ ᠨᠢᠭᠡᠳᠴᠦ᠂ ᠨᠡᠶᠢᠭᠡᠮ ᠤᠨ ᠬᠦᠴᠦᠨ ᠣᠷᠣᠯᠴᠠᠵᠤ ᠬᠠᠮᠲᠤ ᠪᠠᠷ ᠰᠦᠪᠡᠭᠴᠢᠯᠡᠭᠰᠡᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠠᠮ ᠤᠨ ᠪᠠᠶᠢᠭᠤᠯᠤᠯᠲᠠ ᠳᠤ ᠣᠷᠣᠯᠴᠠᠭᠰᠠᠨ ᠰᠢᠨ᠎ᠡ ᠪᠠᠶᠢᠷᠢᠰᠢᠯ ᠢ ᠪᠣᠢ ᠪᠣᠯᠭᠠᠪᠠ᠃ ᠨᠠᠮ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦᠯᠡᠨ ᠰᠢᠢᠳᠪᠦᠷᠢᠯᠡᠨ᠎ᠡ︔ ︽15 ᠮᠢᠨᠦ᠋ᠲ ᠤᠨ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠰᠠᠭᠤᠭᠠᠯᠢ ᠠᠷᠠᠳ ᠲᠠᠢ ᠨᠢᠭᠲᠠ ᠬᠤᠯᠪᠣᠭ᠎ᠠ ᠲᠠᠢ ᠠᠮᠢᠳᠤᠷᠠᠯ ᠤᠨ ᠢᠵᠢ ᠪᠦᠷᠢᠳᠦᠭᠰᠡᠨ ᠦᠢᠯᠡᠴᠢᠯᠡᠭᠡᠨ ᠤ ᠲᠠᠯᠠᠪᠤᠷ ᠪᠦᠷ ᠶᠠᠪᠠᠭᠠᠨ ᠢᠶᠠᠷ 15 ᠮᠢᠨᠦ᠋ᠲ ᠤᠨ ᠳᠣᠲᠣᠷ᠎ᠠ ᠬᠦᠷᠴᠦ ᠪᠣᠯᠤᠨ᠎ᠠ︔ ︽ᠬᠤᠪᠢᠰᠬᠠᠯᠲᠤ ᠠᠳᠠᠯ ᠠᠬᠤᠢ︾᠂ ︽ᠠᠷᠠᠳ ᠣᠯᠠᠨ ᠤ ᠬᠡᠯᠡᠳᠡᠭ ︾᠂ ︽ᠬᠤᠪᠢᠰᠬᠠᠯ ᠤᠨ ᠥᠷᠲᠡᠭᠡ︾᠂ ︽ᠪᠢᠴᠢᠯ ᠬᠦᠰᠡᠯ︾ ᠢ ᠪᠣᠢ ᠪᠣᠯᠭᠠᠵᠤ᠂ ᠰᠠᠭᠤᠭᠠᠯᠢ ᠠᠷᠠᠳ ᠤᠨ ᠳᠡᠷᠭᠡᠳᠡᠬᠢ ︽ᠲᠡᠷᠭᠡ ᠵᠣᠭᠰᠣᠭᠠᠬᠤ ᠳᠤ ᠬᠦᠴᠢᠷ︾᠂ ︽ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ︾ ᠵᠡᠷᠭᠡ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠲᠡᠷᠡ ᠲᠣᠣᠷᠵᠢᠯ ᠤᠨ ᠵᠠᠰᠠᠯᠲᠠ ᠶᠢ ᠢᠳᠡᠪᠬᠢᠲᠡᠢ ᠰᠢᠯᠢᠳᠡᠭᠵᠢᠭᠦᠯᠦᠨ᠂ ᠲᠣᠣᠷᠵᠢᠯ ᠤᠨ ᠠᠵᠢᠯᠲᠠᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢᠨ ᠰᠤᠷᠪᠤᠯᠵᠢᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠭ ᠲᠦᠮᠡᠨ ᠡᠷᠦᠬᠡ ᠳᠤ ᠬᠦᠷᠭᠡᠵᠦ᠂ ᠠᠶᠤᠯ ᠲᠦᠭᠰᠢᠭᠦᠷᠢ ᠭᠡᠮ ᠰᠣᠭᠤᠭ ᠢ ᠡᠷᠲᠡ ᠢᠯᠡᠷᠡᠭᠦᠯᠦᠨ ᠡᠷᠲᠡᠬᠡᠨ ᠰᠢᠢᠳᠪᠦᠷᠢᠯᠡᠬᠦ ᠶᠢ ᠪᠡᠶᠡᠯᠡᠭᠦᠯᠵᠡᠢ᠃ 2021 ᠣᠨ ᠳᠤ ᠬᠠᠨ ᠠᠭᠤᠯᠠ ᠨᠡᠶᠢᠭᠡᠮ ᠲᠣᠭᠤᠷᠢᠭ ᠲᠤ ᠲᠤᠰᠢᠶᠠᠯ ᠡᠭᠦᠷᠭᠡᠯᠡᠬᠦ ᠳᠡᠭᠡᠨ᠂ ᠢᠦᠢ ᠸᠧᠢ ᠫᠧᠩ ᠰᠦᠯᠵᠢᠶᠡᠨ ᠤ ᠠᠵᠢᠯᠲᠠᠨ ᠢ ᠳᠠᠭᠠᠭᠤᠯᠤᠨ ᠡᠷᠦᠬᠡ ᠳᠤ ᠬᠦᠷᠴᠦ ᠰᠤᠷᠪᠤᠯᠵᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ᠂ ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠪᠰᠤᠷᠤᠨ ᠲᠦᠷ ᠴᠠᠭ ᠤᠨ ᠠᠪᠤᠷᠠᠨ ᠲᠤᠰᠠᠯᠠᠬᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠯᠭᠡᠪᠡ᠃ ᠡᠭᠦᠨ ᠤ ᠬᠠᠮᠲᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠢᠯᠠᠩᠭᠤᠶ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠨᠡᠶᠢᠭᠡᠮ ᠲᠣᠭᠤᠷᠢᠭ ᠤᠨ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠲᠠᠪᠴᠠᠩ ᠳᠤ ᠲᠦᠰᠢᠭᠯᠡᠨ᠂ ︽ᠰᠦᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ︾ ᠭᠠᠷᠭᠠᠵᠤ᠂ ᠶᠣᠰᠣ ᠰᠤᠷᠲᠠᠬᠤᠨ ᠤ ᠵᠢᠱᠢᠶᠡᠴᠢ ᠶᠢ ᠤᠷᠢᠵᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠪᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠢᠷᠡᠬᠦᠶ᠎ᠡ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠲᠡᠷᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠡᠳᠬᠢᠮᠵᠢ ᠶᠢᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠵᠢᠯᠯᠠᠭᠠᠨ ᠤ ᠲᠠᠰᠤᠭ ᠢ ᠲᠦᠷᠦᠭᠦᠯᠡᠨ ᠪᠠᠶᠢᠭᠤᠯᠵᠤ᠂ ᠰᠠᠭᠤᠭᠠᠯᠢ ᠠᠷᠠᠳ ᠲᠤ ︽ᠨᠢᠭᠡ ᠥᠷᠲᠡᠭᠡᠨ ᠤ ᠮᠠᠶ᠋ᠢᠭ︾ ᠤᠨ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ᠂ ᠰᠡᠯᠡᠭᠦᠴᠡᠯ ᠵᠤᠭ᠎ᠠ ᠴᠡᠩᠭᠡᠯ᠂ ᠡᠷᠡᠭᠦᠯ ᠮᠡᠨᠳᠦ ᠶᠢᠨ ᠯᠠᠪᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠨᠠᠰᠤᠲᠠᠶᠢᠴᠤᠳ ᠢ ᠬᠠᠪᠰᠤᠷᠤᠨ ᠡᠷᠡᠭᠦᠯᠵᠢᠭᠦᠯᠬᠦ ᠵᠡᠷᠭᠡ ᠦᠢᠯᠡᠴᠢᠯᠡᠭᠡ ᠬᠠᠩᠭᠠᠪᠠ᠃ ᠲᠡᠷᠡ ᠨᠡᠶᠢᠭᠡᠮ ᠲᠣᠭᠤᠷᠢᠭ ᠤᠨ ᠨᠠᠮ ᠤᠨ ᠬᠤᠷᠢ᠊ ᠡᠶ᠎ᠡ ᠪᠠᠷ ᠭᠤᠣᠯ ᠪᠣᠯᠭᠠᠵᠤ᠂ ︽ᠳᠥᠷᠪᠡᠨ ᠨᠡᠶᠢᠭᠡᠮ ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ ︾ ᠠᠵᠢᠯ ᠤᠨ ᠲᠣᠭᠲᠠᠴᠠ ᠪᠠᠷ ᠨᠡᠶᠢᠭᠡᠮ ᠲᠣᠭᠤᠷᠢᠭ ᠤᠨ ︽ᠨᠡᠶᠢᠭᠡᠮᠴᠢᠯᠡᠬᠦ︾ ᠦᠢᠯᠡᠴᠢᠯᠡᠭᠡ ᠶᠢ ᠶᠡᠬᠡᠪᠡᠷ ᠠᠬᠢᠭᠤᠯᠵᠤ᠂ ᠨᠡᠶᠢᠭᠡᠮ ᠲᠣᠭᠤᠷᠢᠭ ᠪᠣᠯᠤᠨ ᠬᠠᠷᠢᠶ᠎ᠠ ᠣᠷᠣᠨ ᠤ ᠳᠣᠲᠣᠨ᠎ᠠ ᠭᠠᠳᠠᠨᠠᠬᠢ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠪᠣᠯᠤᠨ ᠨᠡᠪᠲᠡᠷᠡᠯᠴᠡᠭᠡ ᠪᠠᠨ ᠴᠢᠩᠭᠠᠳᠬᠠᠵᠤ᠂ ᠣᠯᠠᠨ ᠲᠠᠯ᠎ᠠ ᠶᠢᠨ ᠬᠦᠴᠦᠨ ᠪᠣᠯᠤᠨ ᠡᠬᠢ ᠪᠠᠶᠠᠯᠢᠭ ᠢ ᠨᠡᠶᠢᠳᠬᠡᠵᠦ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠬᠥᠮᠦᠨ ᠢᠶᠠᠷ ᠦᠨᠳᠦᠰᠦ ᠪᠣᠯᠭᠠᠵᠤ᠂ ᠰᠠᠭᠤᠭᠠᠯᠢ ᠠᠷᠠᠳ ᠲᠤ ᠦᠢᠯᠡᠴᠢᠯᠡᠬᠦ︾ ᠶᠢ ᠢᠮᠠᠭᠲᠠ ᠠᠵᠢᠯ ᠤᠨ ᠢᠶᠠᠨ ᠵᠣᠷᠢᠯᠲᠠ ᠪᠣᠯᠭᠠᠵᠤ᠂ ︽1446 ᠠᠵᠢᠯ ᠤᠨ ᠠᠷᠭ᠎ᠠ︾ ᠶᠢ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠰᠠᠭᠤᠷᠢᠨ ᠢ ᠪᠠᠲᠤ ᠴᠣᠭᠴᠠᠯᠠᠬᠤ᠂ ᠬᠦᠴᠦᠨ ᠢᠶᠠᠨ ᠲᠥᠪᠯᠡᠷᠡᠭᠦᠯᠦᠨ ᠳᠥᠷᠪᠡ ᠶᠢ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ ᠪᠣᠯᠭᠠᠵᠤ ᠬᠥᠮᠦᠨ ᠢ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠢᠷᠭᠤᠭᠠᠨ ᠡᠩᠨᠡᠭᠡ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠪᠦᠯᠬᠦᠮ ᠢ ᠤᠶᠠᠯᠳᠤᠭᠤᠯᠤᠭᠰᠠᠨ ᠬᠥᠭᠵᠢᠮ ᠢ ᠬᠥᠭᠵᠢᠮᠳᠡᠪᠡ᠃     
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号