ᠵᠠᠩ ᠰᠢᠤ ᠴᠢᠨ᠄ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠳᠡᠯᠬᠡᠷᠡᠬᠦᠯᠦᠨ᠎ᠡ
ᠨᠡᠶᠢᠲᠡᠯᠡᠭᠰᠡᠨ ᠴᠠᠭ᠄
2024/7/16
      ᠵᠠᠩ ᠰᠢᠤ ᠴᠢᠨ᠂ ᠡᠮᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠲᠥᠷᠥᠵᠡᠢ᠂ 1995 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠣᠳᠣ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃ ᠲᠡᠷᠡ ᠢᠮᠠᠭᠲᠠ ᠦᠨᠳᠦᠰᠦᠲᠡᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠤᠰᠤᠯᠠᠭᠰᠠᠭᠠᠷ ᠢᠷᠡᠵᠡᠢ᠃ 2022 ᠣᠨ ᠳᠤ ᠵᠠᠩ ᠰᠢᠤ ᠴᠢᠨ ᠠᠶᠢᠮᠠᠭ ᠤᠨ ᠨᠠᠮ ᠤᠨ ᠬᠤᠷᠢ᠊ ᠡᠶ᠎ᠡ᠂ ᠠᠶᠢᠮᠠᠭ ᠤᠨ ᠵᠠᠬᠢᠷᠭ᠎ᠠ ᠳᠤ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠢᠶᠠᠷ ᠦᠨᠡᠯᠡᠭᠳᠡᠵᠦ᠂ 2024 ᠣᠨ ᠤ 6 ᠰᠠᠷ᠎ᠠ ᠳᠤ ᠬᠢᠩᠭᠠᠨ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠪᠡ᠃ ᠵᠠᠩ ᠰᠢᠤ ᠴᠢᠨ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠬᠤᠭᠤᠴᠠᠭᠠᠨ ᠳᠤ᠂ ᠲᠡᠷᠡ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠵᠣᠬᠢᠶᠠᠨ ᠪᠠᠶᠢᠭᠤᠯᠤᠨ ︽ᠨᠠᠮ ᠤᠨ ᠳᠦᠷᠢᠮ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ︾ ᠵᠡᠷᠭᠡ ᠶᠢ ᠰᠤᠷᠤᠯᠴᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠢᠯᠡ ᠲᠥᠷᠥᠭᠳᠡᠯ ᠲᠠᠢ ᠪᠦᠲᠦᠮᠵᠢᠲᠡᠢ ᠰᠠᠶᠢᠲᠤᠷ ᠬᠢᠯᠭᠡᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠲᠡᠷᠡ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠵᠤ᠂ ᠤᠯᠤᠰ ᠲᠥᠷᠥ ᠶᠢᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠪᠠ᠃ ᠲᠡᠷᠡ ᠵᠢᠱᠢᠶ᠎ᠡ ᠦᠵᠡᠭᠦᠯᠬᠦ ᠨᠢᠭᠡᠴᠡ᠂ ᠭᠠᠴᠠᠭ᠎ᠠ ᠶᠢ ᠬᠠᠪᠰᠤᠷᠤᠨ ᠲᠡᠳᠬᠦᠬᠦ ᠪᠠᠶᠢᠴᠠᠭᠠᠨ ᠰᠤᠳᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠪᠠ᠃ ᠵᠠᠩ ᠰᠢᠤ ᠴᠢᠨ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠳᠤᠮᠳᠠ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠤ ᠣᠷᠣᠬᠤ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠠᠵᠢᠯ ᠨᠢᠭᠡᠪᠦᠷᠢ ᠶᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠵᠢᠯ ᠪᠦᠷᠢ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠪᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠳᠤᠮᠳᠠ᠂ ᠲᠡᠷᠡ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠢ ᠢᠳᠡᠪᠬᠢᠲᠡᠢ ᠵᠣᠬᠢᠶᠠᠨ ᠪᠠᠶᠢᠭᠤᠯᠤᠨ ᠠᠵᠢᠯᠯᠠᠭ᠎ᠠ ᠥᠷᠨᠢᠭᠦᠯᠵᠦ᠂ ᠨᠡᠶᠢᠲᠡ ᠲᠦᠮᠡ ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ᠂ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ ᠴᠢᠷᠮᠠᠶᠢᠨ ᠨᠡᠭᠡᠭᠡᠪᠡ᠃ ᠵᠠᠩ ᠰᠢᠦ ᠴᠢᠨ ᠬᠡᠵᠢᠶᠡᠳᠡ ᠪᠡᠶ᠎ᠡ ᠪᠠᠨ ᠴᠢᠩᠭ᠎ᠠ ᠱᠠᠬᠠᠷᠳᠠᠪᠠ᠃ ᠲᠡᠷᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠭᠰᠠᠨ ᠠᠴᠠ ᠨᠠᠰᠢ᠂ ᠤᠳᠤᠷᠢᠳᠤᠯᠭ᠎ᠠ ᠶᠢ ᠬᠠᠪᠰᠤᠷᠤᠨ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ︵2021 - 2025︶︾ ᠶᠢ ᠨᠠᠶᠢᠷᠠᠭᠤᠯᠤᠨ ᠵᠣᠬᠢᠶᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠦᠨᠡᠨ ᠬᠦ ᠪᠣᠢ ᠪᠣᠯᠭᠠᠪᠠ᠃ 2021 ᠣᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ 2᠂ ᠵᠢᠱᠢᠶᠡᠴᠢ ᠬᠤᠪᠢ ᠬᠥᠮᠦᠨ 2 ᠢᠯᠡᠷᠡᠵᠦ ᠪᠤᠢ︔ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 3 ᠪᠤᠢ︔ ᠠᠶᠢᠮᠠᠭ ᠤᠨ ᠱᠠᠲᠤᠨ ᠤ ᠵᠢᠱᠢᠶ᠎ᠡ ᠦᠵᠡᠭᠦᠯᠬᠦ ᠨᠢᠭᠡᠴᠡ 6 ᠂ ᠠᠶᠢᠮᠠᠭ ᠤᠨ ᠱᠠᠲᠤᠨ ᠤ ᠵᠢᠱᠢᠶᠡᠴᠢ ᠬᠤᠪᠢ ᠬᠥᠮᠦᠨ 13 ᠪᠤᠢ᠃     
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号