ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
         7 ᠰᠠᠷ᠎ᠠ ᠶᠢᠨ 12 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠪᠡ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠣᠭᠲᠠᠭᠠᠯ︾᠂ ᠰᠦᠨ ᠱᠤᠤ ᠴᠧᠩ ᠤᠨ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ᠂ ︽ᠬᠢᠩᠭᠠᠨ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠵᠡᠷᠭᠡ ᠠᠭᠤᠯᠭ᠎ᠠ ᠶᠢ ᠰᠤᠷᠤᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠥᠨᠳᠥᠷ ᠪᠦᠲᠦᠮᠵᠢᠲᠡᠢ ᠬᠠᠮᠵᠢᠯᠴᠠᠬᠤ ᠠᠵᠢᠯ ᠤᠨ ᠲᠣᠭᠲᠠᠴᠠ ᠶᠢ ᠲᠦᠷᠭᠡᠪᠴᠢᠯᠡᠨ ᠪᠣᠢ ᠪᠣᠯᠭᠠᠬᠤ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠳᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠲᠥᠪᠯᠡᠷᠡᠭᠦᠯᠦᠨ ᠪᠣᠭᠤᠮᠲᠠ ᠰᠢᠪᠲᠤᠯᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠣᠢ ᠪᠣᠯᠭᠠᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ᠂ ᠰᠢᠨ᠎ᠡ ᠡᠨᠧᠷᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢᠨ ᠴᠢᠨᠠᠷᠲᠠᠢ᠂ ᠲᠤᠷᠰᠢᠯᠭ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ ᠥᠷᠨᠢᠭᠦᠯᠵᠦ᠂ ᠦᠨᠡᠨ ᠪᠣᠳᠠᠲᠠᠢ ᠰᠤᠳᠤᠯᠬᠤ ᠪᠠᠷ ᠪᠣᠳᠠᠲᠠᠢ ᠠᠵᠢᠯᠯᠠᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠬᠥᠲᠥᠯᠥᠨ ᠳᠠᠭᠠᠭᠤᠯᠬᠤ ᠶᠢ ᠠᠳᠬᠤᠬᠤ᠂ ᠳᠦᠷᠢᠮ ᠢ ᠠᠳᠬᠤᠬᠤ᠂ ᠬᠤᠪᠢᠷᠠᠭᠤᠯᠬᠤ ᠶᠢ ᠠᠳᠬᠤᠬᠤ ᠪᠠᠷ ᠳᠠᠮᠵᠢᠭᠤᠯᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠰᠠᠨᠠᠭᠠᠴᠢᠯᠠᠭᠠᠲᠤ ᠴᠢᠨᠠᠷ᠂ ᠤᠷᠲᠤ ᠬᠤᠭᠤᠴᠠᠭᠠᠨ ᠤ ᠪᠦᠲᠦᠮᠵᠢᠲᠡᠢ ᠴᠢᠨᠠᠷ ᠪᠣᠯᠤᠨ ᠪᠣᠳᠠᠲᠤ ᠪᠦᠲᠦᠮᠵᠢᠲᠦ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠰᠤᠷᠤᠯᠴᠠᠯᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠠᠵᠢᠯ ᠢᠶᠠᠨ ᠲᠥᠯᠥᠪᠯᠡᠬᠦ ᠰᠡᠳᠬᠢᠴᠡ᠂ ᠲᠥᠷᠥ ᠶᠢᠨ ᠪᠣᠳᠣᠯᠭ᠎ᠠ ᠲᠣᠭᠲᠠᠭᠠᠬᠤ ᠦᠨᠳᠦᠰᠦᠯᠡᠯ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠢ ᠣᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号