ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    7 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠬᠤᠷᠠᠯ ᠪᠣᠯᠤᠨ 6 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠲᠡᠷᠢᠭᠦᠯᠡᠭᠴᠢ ᠸᠠᠩ ᠯᠢ ᠰᠢᠶᠠ ᠶᠢᠨ 7 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ᠂ ︽ᠬᠢᠩᠭᠠᠨ ᠠᠶᠢᠮᠠᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠪᠣᠯᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ ᠪᠠ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠰᠡᠳᠬᠢᠬᠦᠶ ᠪᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠰᠠᠶᠢᠲᠤᠷ ᠠᠳᠬᠤᠵᠤ᠂ ᠲᠠᠯᠠᠪᠠᠢ ᠶᠢ ᠲᠣᠭᠲᠠᠪᠤᠷᠢᠵᠢᠭᠤᠯᠬᠤ᠂ ᠭᠠᠷᠤᠯᠲᠠ ᠶᠢ ᠭᠠᠷᠭᠠᠬᠤ᠂ ᠬᠤᠷᠣᠭᠳᠠᠯ ᠢ ᠪᠠᠭᠠᠰᠬᠠᠬᠤ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠲᠡᠷᠢᠭᠦᠯᠡᠭᠴᠢ ᠸᠠᠩ ᠯᠢ ᠰᠢᠶᠠ ᠶᠢᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠪᠠᠭᠤᠯᠢᠭ ᠤᠨᠴᠠᠯᠢᠬᠳᠤ ᠰᠣᠶᠣᠯ ᠵᠤᠭᠠᠴᠠᠯ ᠤᠨ ᠠᠵᠤ ᠦᠢᠯᠡᠰ ᠤᠨ ᠴᠣᠭᠴᠠᠯᠠᠯᠲᠠ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠬᠢ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠷᠳᠤᠴᠠ ᠶᠢ ᠳᠡᠭᠡᠭᠰᠢᠯᠡᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ  ᠭᠡᠪᠡ᠃    ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠢᠩᠭᠤᠵᠢᠭᠰᠠᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠢᠴᠡᠳ ᠰᠤᠷᠤᠯᠴᠠᠨ ᠳᠤᠯᠢᠳᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠠᠵᠤ ᠠᠬᠤᠶᠢᠯᠠᠯ ᠤᠨ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠴᠢᠩᠭ᠎ᠠ ᠠᠩᠬᠠᠷᠴᠤ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ᠂ ᠭᠠᠵᠠᠷ ᠰᠢᠷᠣᠢ ᠵᠡᠷᠭᠡ ᠡᠯᠧᠮᠧᠨ᠋ᠲ ᠤᠨ ᠬᠠᠩᠭᠠᠯᠭ᠎ᠠ ᠶᠢ ᠴᠢᠩᠭᠠᠳᠬᠠᠵᠤ᠂ ᠬᠤᠳᠠᠯᠳᠤᠭ᠎ᠠ ᠶᠢ ᠬᠦᠨᠳᠦᠳᠬᠡᠵᠦ ᠬᠤᠳᠠᠯᠳᠤᠭ᠎ᠠ ᠶᠢ ᠴᠢᠬᠤᠯᠠᠴᠢᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ  ᠭᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号